ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠤᠳᠤ | ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠪᠠᠲᠤᠳᠬᠠᠵᠤ᠂ ᠲᠠᠷᠢᠶᠠᠯᠠᠩ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 16 ᠤ ᠡᠳᠦᠷ᠂ ᠯᠢᠶᠠᠩᠴᠧᠩ | ᠰᠢᠶᠠᠨ ᠤ ᠬᠢᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠦᠨ ᠪᠣᠯᠪᠠᠰᠤᠷᠠᠭᠤᠯᠬᠤ | ᠦᠢᠯᠡᠳᠦᠯᠭᠡ ᠶᠢᠨ ᠵᠢᠭᠠᠨ ᠰᠤᠷᠭᠠᠯᠲᠠ ᠪᠠ ︽ᠲᠠᠷᠢᠶ᠎ᠠ ᠶᠢ ᠨᠢ ᠦᠵᠡᠵᠦ ᠦᠷ᠎ᠡ ᠰᠣᠩᠭᠤᠬᠤ︾ ᠲᠤᠬᠠᠢ ᠶᠢᠨ | ᠲᠠᠯᠠᠪᠠᠢ ᠶᠢᠨ ᠦᠵᠡᠭᠦᠯᠦᠯᠭᠡ ᠶᠢᠨ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠡᠯ᠎ᠡ ᠰᠢᠶᠠᠩ ᠪᠠᠯᠭᠠᠰᠤ ᠶᠢᠨ | ᠲᠠᠷᠢᠶᠠᠯᠠᠩ ᠤᠨ ᠦᠷᠳᠡᠭᠡ ᠶᠢᠨ ᠳᠠᠷᠤᠭ᠎ᠠ᠂ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠬᠠᠷᠢᠭᠤᠴᠠᠯᠭᠠᠲᠠᠨ᠂ | ᠬᠡᠪᠴᠢᠶᠡᠲᠦ ᠲᠠᠷᠢᠮᠠᠯ ᠤᠨ ᠡᠷᠦᠭᠡ ᠵᠡᠷᠭᠡ 100 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ | ᠲᠤᠰ ᠤᠳᠠᠭᠠᠨ ᠤ ᠪᠣᠯᠪᠠᠰᠤᠷᠠᠯ ᠨᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠬᠡᠯᠪᠡᠷᠢ ᠪᠠᠷ ᠳᠡᠮᠵᠢᠨ᠂ | ᠰᠤᠷᠤᠭᠴᠢᠳ ᠢ ᠵᠣᠬᠢᠶᠠᠨ ᠪᠠᠶᠢᠭᠤᠯᠤᠨ ᠤᠷᠢᠳ ᠬᠤᠵᠢᠳ ᠮᠠᠶᠢᠬᠤᠲᠤ ᠶᠢᠨ ᠰᠠᠨ ᠾᠧ ᠲᠣᠰᠬᠤᠨ᠂ ᠾᠦᠩ ᠮᠤᠤ | ᠪᠠᠯᠭᠠᠰᠤᠨ ᠤ ᠯᠣᠣ ᠸᠠ ᠶᠢᠩ ᠤᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ ᠰᠠᠭᠤᠷᠢᠨ | ᠭᠠᠵᠠᠷ ᠲᠤ ᠣᠴᠢᠭᠤᠯᠵᠤ᠂ ᠱᠧᠩ ᠯᠢ ᠲᠣᠰᠬᠤᠨ ᠤ ᠪᠸᠢ ᠪᠸᠢ ᠭᠤᠸ᠎ᠠ ᠲᠠᠷᠢᠮᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠶᠦᠩ ᠰᠢᠩ ᠪᠠᠯᠭᠠᠰᠤ ᠶᠢᠨ ᠬᠤᠸᠠ ᠵᠢᠶᠠ ᠶᠣᠣ ᠰᠢᠷ᠎ᠠ ᠪᠤᠷᠴᠠᠭ ᠤᠨ ᠡᠷᠳᠡᠨᠢ ᠰᠢᠰᠢ ᠶᠢᠨ | ᠪᠦᠰᠡᠯᠢᠭ ᠬᠡᠯᠪᠡᠷᠢ ᠶᠢᠨ ᠨᠡᠶᠢᠯᠡᠮᠡᠯ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠬᠤᠩ ᠮᠤᠤ | ᠪᠠᠯᠭᠠᠰᠤ ᠶᠢᠨ ᠮᠠ ᠹᠠᠩ ᠲᠠᠨ ᠤ ᠡᠷᠳᠡᠨᠢ ᠰᠢᠰᠢ ᠶᠢᠨ ᠨᠢᠭᠲᠠ ᠨᠡᠬᠡᠮᠡᠯ ᠤᠨ ᠥᠨᠳᠥᠷ ᠤᠨᠠᠯᠲᠠ ᠶᠢᠨ ᠵᠢᠱᠢᠶ᠎ᠡ | ᠦᠵᠡᠭᠦᠯᠬᠦ ᠲᠠᠷᠢᠶᠠᠨ ᠳᠤ ᠲᠣᠭᠤᠷᠢᠨ ᠦᠵᠡᠵᠦ ᠰᠤᠷᠤᠯᠴᠠᠨ᠎ᠠ᠃ ᠮᠡᠷᠭᠡᠵᠢᠯ ᠤᠨ ᠠᠵᠢᠯᠲᠠᠳ ᠲᠠᠷᠢᠵᠦ | ᠪᠤᠶᠢᠵᠢᠭᠤᠯᠬᠤ ᠬᠡᠪ ᠵᠠᠭᠪᠤᠷ᠂ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ᠂ ᠲᠠᠷᠢᠶᠠᠨ ᠠᠵᠢᠯ ᠤᠨ | ᠬᠠᠮᠢᠶᠠᠷᠤᠯᠲᠠ᠂ ᠡᠪᠡᠳᠴᠢᠨ ᠢ ᠰᠡᠷᠭᠡᠶᠢᠯᠡᠨ ᠬᠤᠷᠣᠬᠠᠶ ᠶᠢ ᠬᠢᠵᠠᠭᠠᠷᠯᠠᠬᠤ ᠵᠡᠷᠭᠡ ᠲᠠᠷᠢᠶᠠᠯᠠᠩ ᠤᠨ ᠮᠡᠳᠡᠯᠭᠡ ᠶᠢ | ᠲᠤᠬᠠᠶ ᠶᠢᠨ ᠭᠠᠵᠠᠷ ᠲᠤᠨᠢ ᠲᠠᠶᠢᠯᠪᠤᠷᠢᠯᠠᠵᠤ᠂ ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠭᠤᠯᠤᠨ᠂ | ᠰᠤᠷᠤᠭᠴᠢᠳ ᠢ ᠤᠯᠠᠮ ᠨᠢᠭᠡ ᠠᠯᠬᠤᠮ ᠬᠠᠪᠰᠤᠷᠤᠨ ᠮᠡᠳᠡᠯᠭᠡ ᠮᠡᠳᠡᠯᠭᠡ ᠶᠢ ᠨᠢ ᠨᠡᠮᠡᠭᠳᠡᠭᠦᠯᠦᠨ᠂ ᠬᠠᠷᠠᠭ᠎ᠠ ᠶᠢ ᠨᠢ | ᠥᠷᠭᠡᠳᠬᠡᠵᠦ᠂ ᠰᠡᠳᠬᠢᠴᠡ ᠶᠢ ᠨᠢ ᠥᠷᠭᠡᠳᠬᠡᠨ᠂ ᠠᠳᠠᠯ ᠦᠢᠯᠡᠰ ᠴᠣᠭᠴᠠᠯᠠᠬᠤ ᠢᠲᠡᠭᠡᠯ ᠢ ᠨᠢ ᠨᠡᠮᠡᠭᠳᠡᠭᠦᠯᠵᠦ᠂ | ᠬᠤᠶᠢᠰᠢᠳᠠ ᠶᠢᠨ ᠰᠢᠨ᠎ᠡ ᠶᠢ ᠡᠭᠦᠳᠦᠨ ᠬᠥᠭᠵᠢᠬᠦ ᠳᠤ ᠴᠢᠭᠯᠡᠯ ᠢ ᠨᠢ ᠲᠣᠭᠲᠠᠭᠠᠨ ᠥᠭᠴᠡᠶ᠃ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ | ᠽᠤ᠋ ᠶᠤᠸᠠᠨ ᠬᠡᠯᠡᠬᠦ ᠳᠡᠭᠡᠨ᠄ ︽ᠡᠨᠡ ᠤᠳᠠᠭᠠᠨ ᠤ ᠠᠵᠢᠯᠯᠠᠭ᠎ᠠ ᠪᠠᠷ ᠳᠡᠮᠵᠢᠨ᠂ ᠰᠣᠶᠣᠯ ᠲᠠᠢ᠂ ᠮᠡᠷᠭᠡᠵᠢᠯ ᠲᠠᠢ᠂ | ᠡᠵᠡᠩᠨᠡᠬᠦ ᠳᠡᠭᠡᠨ ᠴᠢᠳᠠᠮᠠᠭᠠᠶ᠂ ᠬᠠᠮᠢᠶᠠᠷᠴᠤ ᠴᠢᠳᠠᠳᠠᠭ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠢ | ᠬᠥᠮᠦᠵᠢᠭᠦᠯᠬᠦ ᠶᠢᠨ ᠲᠥᠯᠥᠭᠡ ᠶᠤᠮ᠃ ︿ᠲᠠᠷᠢᠶ᠎ᠠ ᠶᠢ ᠦᠵᠡᠵᠦ ᠦᠷ᠎ᠡ ᠰᠣᠩᠭᠤᠬᠤ﹀ ᠲᠠᠪᠴᠠᠩ ᠢ ᠲᠤᠬᠠᠶ ᠶᠢᠨ | ᠭᠠᠵᠠᠷ ᠲᠤᠨᠢ ᠲᠣᠭᠤᠷᠢᠨ ᠦᠵᠡᠬᠦ ᠪᠠᠷ ᠳᠠᠮᠵᠢᠭᠤᠯᠤᠨ᠂ ᠲᠠᠷᠢᠮᠠᠯ ᠤᠨ ᠵᠦᠢᠯ ᠤᠨ ᠰᠢᠨᠡᠳᠦᠨ ᠰᠣᠯᠢᠭᠳᠠᠬᠤ ᠶᠢ | ᠬᠥᠲᠥᠯᠥᠨ ᠵᠢᠯᠣᠭᠤᠳᠴᠤ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠬᠤ ᠶᠢ ᠵᠢᠯᠣᠭᠤᠳᠴᠤ᠂ | ᠰᠠᠶᠢᠨ ᠡᠭᠦᠯᠳᠡᠷ ᠰᠠᠶᠢᠨ ᠠᠷᠭ᠎ᠠ ᠶᠢ ᠢᠵᠢ ᠪᠦᠷᠢᠳᠦᠭᠦᠯᠦᠨ ᠳᠡᠯᠭᠡᠷᠡᠭᠦᠯᠬᠦ ᠶᠢ ᠲᠦᠷᠭᠡᠳᠬᠡᠵᠦ᠂ ᠲᠠᠷᠢᠶᠠᠴᠢᠳ ᠤᠨ | ᠲᠤᠬᠠᠶ ᠶᠢᠨ ᠭᠠᠵᠠᠷ ᠲᠤᠨᠢ ᠦᠷ᠎ᠡ ᠰᠣᠩᠭᠤᠵᠤ ᠦᠷ᠎ᠡ ᠲᠣᠭᠲᠠᠭᠠᠬᠤ ᠶᠢ ᠵᠢᠯᠣᠭᠤᠳᠴᠤ᠂ ᠲᠠᠷᠢᠶᠠᠴᠢᠳ ᠤᠨ | ᠬᠤᠳᠠᠯᠳᠤᠨ ᠠᠪᠬᠤ ᠥᠪᠡᠷ ᠤᠨ ᠦᠷᠳᠡᠭ ᠢ ᠪᠠᠭᠤᠷᠠᠭᠤᠯᠵᠤ᠂ ᠣᠷᠣᠯᠭ᠎ᠠ ᠶᠢ ᠨᠡᠮᠡᠭᠳᠡᠭᠦᠯᠦᠨ ᠭᠠᠷᠤᠯᠲᠠ ᠶᠢ | ᠨᠡᠮᠡᠭᠳᠡᠭᠦᠯᠬᠦ ᠵᠣᠷᠢᠯᠭ᠎ᠠ ᠳᠤ ᠬᠦᠷᠬᠦ ᠬᠡᠷᠡᠭᠲᠡᠶ︾ ᠭᠡᠪᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |