ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ᠄ 3.5 ᠲᠦᠮᠡᠨ ᠮᠥ ᠨᠡᠷᠡᠨ ᠬᠤᠸᠠᠷ ᠴᠡᠴᠡᠭ ᠤᠨ ᠲᠡᠯᠡᠶ ᠪᠣᠯᠤᠨ ᠳᠡᠯᠭᠡᠷᠡᠪᠡ
ᠨᠡᠶᠢᠲᠡᠯᠡᠭᠰᠡᠨ ᠴᠠᠭ᠄
2023/8/19
   ᠨᠠᠮᠤᠷ ᠤᠨ ᠠᠭᠤᠷ ᠪᠣᠯᠬᠤ ᠳᠤ᠂ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠤᠨ 3.5 ᠲᠦᠮᠡᠨ ᠮᠦ ᠨᠡᠷᠡᠨ ᠬᠤᠸᠠᠷ ᠴᠡᠴᠡᠭᠯᠡᠬᠦ ᠬᠤᠭᠤᠴᠠᠭᠠᠨ ᠳᠠᠭᠠᠨ ᠣᠷᠣᠵᠤ᠂ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠠᠯᠲᠠᠨ ᠰᠢᠷᠭᠠᠯ ᠨᠡᠷᠡᠨ ᠬᠤᠸᠠᠷ ᠴᠡᠴᠡᠭ ᠤᠨ ᠳᠠᠯᠠᠢ ᠨᠢ ᠨᠡᠷᠡᠨ ᠤ ᠭᠡᠷᠡᠯ ᠤᠨ ᠲᠣᠰᠣᠯᠳᠠ ᠶᠢᠨ ᠳᠣᠣᠷ᠎ᠠ ᠶᠠᠭ ᠯᠠ ᠨᠢᠭᠡᠨ ᠬᠡᠰᠡᠭ ᠠᠯᠲᠠᠨ ᠰᠢᠷᠭᠠᠯ ᠳᠠᠯᠠᠢ ᠰᠢᠭ᠋ ᠢᠶᠠᠷ ᠤᠶᠠᠬᠠᠨ ᠰᠠᠯᠬᠢᠨ ᠳᠤ ᠦᠯᠢᠶᠡᠭᠳᠡᠨ ᠨᠠᠮᠢᠷᠠᠨ ᠨᠠᠶᠢᠭᠤᠵᠤ᠂ ᠦᠵᠡᠰᠬᠦᠯᠡᠩᠲᠦ ᠰᠠᠶᠢᠬᠠᠨ ᠬᠥᠳᠡᠭᠡ ᠨᠤᠲᠤᠭ ᠤᠨ ᠵᠢᠷᠤᠭ ᠢ ᠪᠦᠲᠦᠭᠡᠭᠰᠡᠨ ᠪᠠᠶᠢᠨ᠎ᠠ᠃
      ᠣᠶᠢᠷ᠎ᠠ ᠳᠤ᠂ ᠰᠤᠷᠪᠤᠯᠵᠢᠯᠠᠭᠴᠢ ᠱᠢ ᠴᠢ ᠭᠸᠦ ᠲᠣᠰᠬᠤᠨ ᠤ ᠨᠡᠷᠡᠨ ᠬᠤᠸᠠᠷ ᠳᠠᠷᠢᠵᠤ ᠪᠠᠶᠢᠭ᠎ᠠ ᠭᠠᠵᠠᠷ ᠲᠤ ᠬᠦᠷᠴᠦ ᠬᠠᠷᠠᠬᠤ ᠳᠤ᠂ ᠲᠦᠭ ᠲᠦᠮᠡᠨ ᠨᠡᠷᠡᠨ ᠬᠤᠸᠠᠷ ᠬᠥᠬᠡ ᠲᠩᠷᠢ ᠴᠠᠭᠠᠨ ᠡᠭᠦᠯᠡᠨ ᠤ ᠳᠤᠮᠳᠠᠭᠤᠷ ᠨᠡᠷᠡᠨ ᠤ ᠬᠡᠷᠡᠯ ᠢ ᠤᠭᠲᠤᠨ ᠳᠡᠯᠭᠡᠷᠡᠵᠦ᠂ ᠰᠢᠷ᠎ᠠ ᠥᠩᠭᠡ ᠶᠢᠨ ᠴᠡᠴᠡᠭ ᠤᠨ ᠲᠠᠪᠠᠭ ᠨᠢ ᠪᠠᠶᠠᠷ ᠬᠥᠷ ᠲᠠᠢ ᠢᠨᠢᠶᠡᠮᠰᠦᠩᠭᠦᠶ ᠴᠢᠷᠠᠶ ᠲᠠᠢ ᠪᠣᠯᠵᠣ᠂ ᠡᠨᠡ ᠬᠦ ᠨᠤᠲᠤᠭ ᠳᠡᠪᠢᠰᠬᠡᠷ ᠲᠤ ᠣᠨᠴᠠᠭᠠᠶ ᠥᠩᠭᠡ ᠪᠤᠳᠤᠭ ᠨᠡᠮᠡᠷᠢᠯᠡᠵᠦ᠂ ᠨᠠᠩ ᠴᠤ ᠲᠠᠷᠢᠶᠠᠴᠢᠨ ᠡᠷᠦᠬᠡ ᠶᠢᠨ ᠪᠠᠶᠠᠵᠢᠬᠤ ᠰᠢᠨ᠎ᠡ ᠠᠷᠭ᠎ᠠ ᠵᠠᠮ ᠢ ᠨᠡᠮᠡᠭᠳᠡᠭᠦᠯᠦᠭᠰᠡᠨ ᠪᠠᠶᠢᠨ᠎ᠠ᠃
        ︽ᠡᠨᠡ ᠵᠢᠯ ᠭᠤᠷᠪᠠᠨ ᠮᠢᠩᠭ᠎ᠠ ᠭᠠᠷᠤᠶ ᠮᠥ ᠨᠡᠷᠡᠨ ᠬᠤᠸᠠᠷ ᠳᠠᠷᠢᠭᠰᠠᠨ ᠪᠣᠯᠪᠠᠴᠤ ᠴᠠᠭ ᠲᠤᠬᠠᠶ ᠳᠤᠨᠢ ᠪᠣᠷᠣᠭᠠᠨ ᠣᠷᠣᠵᠤ ᠪᠠᠶᠢᠨ᠎ᠠ᠂ ᠣᠳᠣᠬᠠᠨ ᠳᠤ ᠤᠷᠭᠤᠴᠠ ᠶᠡᠭᠡ ᠰᠠᠶᠢᠨ ᠪᠠᠶᠢᠨ᠎ᠠ᠂ ᠪᠠᠶᠢᠳᠠᠯ ᠢ ᠦᠵᠡᠬᠦ ᠳᠤ ᠥᠩᠭᠡᠷᠡᠭᠰᠡᠨ ᠵᠢᠯ ᠤᠳ ᠠᠴᠠ ᠰᠠᠶᠢᠨ ᠪᠠᠶᠢᠨ᠎ᠠ︾᠃ ᠲᠠᠷᠢᠮᠠᠯ ᠤᠨ ᠲᠣᠮᠣ ᠡᠷᠦᠬᠡ ᠯᠢᠦ ᠢ ᠾᠧ ᠰᠤᠷᠪᠤᠯᠵᠢᠯᠠᠭᠴᠢ ᠳᠤ ᠬᠡᠯᠡᠬᠦ ᠳᠡᠭᠡᠨ᠂ ᠨᠢᠳᠤᠨᠤᠨ ᠨᠡᠷᠡᠨ ᠬᠤᠸᠠᠷ ᠤᠨ ᠮᠥ ᠪᠦᠷᠢ ᠶᠢᠨ ᠤᠨᠠᠯᠲᠠ ᠨᠢ ᠪᠠᠷᠤᠭ 250 ᠵᠢᠩ ᠣᠷᠴᠢᠮ ᠪᠠᠶᠢᠵᠤ᠂ ᠮᠥ ᠪᠦᠷᠢ ᠶᠢᠨ ᠳᠤᠮᠳᠠᠴᠢ ᠤᠶᠢᠯᠡᠳᠭᠦᠨ ᠤ ᠥᠷᠲᠡᠭ ᠨᠢ ᠪᠠᠷᠤᠭ 1500 ᠲᠥᠭᠦᠷᠢᠭ ᠪᠠᠶᠢᠪᠠ᠃    ᠤᠢᠢᠷ᠎ᠠ ᠶᠢᠨ ᠵᠢᠯ ᠠᠴᠠ᠂ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠠᠵᠤ ᠦᠢᠯᠡᠰ ᠤᠨ ᠪᠦᠲᠦᠴᠡ ᠪᠠᠨ ᠢᠳᠡᠪᠬᠢᠲᠡᠢ ᠳᠤᠬᠢᠷᠠᠭᠤᠯᠵᠤ᠂ ᠤᠤᠯ ᠤᠨ ᠤᠯᠠᠮᠵᠢᠯᠠᠯᠲᠤ ᠡᠯᠳᠡᠪ ᠠᠮᠤ ᠡᠯᠳᠡᠪ ᠪᠤᠷᠴᠠᠭ ᠤᠨ ᠲᠠᠷᠢᠮᠠᠯ ᠤᠨ ᠰᠠᠭᠤᠷᠢᠨ ᠳᠡᠭᠡᠷ᠎ᠡ᠂ ᠲᠠᠷᠢᠶᠠᠴᠢᠳ ᠤᠨ ᠨᠡᠷᠡᠨ ᠬᠤᠸᠠᠷ ᠲᠠᠷᠢᠬᠤ ᠶᠢ ᠶᠡᠬᠡᠪᠡᠷ ᠬᠥᠭᠵᠢᠭᠦᠯᠬᠦ ᠶᠢ ᠢᠳᠡᠪᠬᠢᠲᠡᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠪᠠ᠃ ᠣᠶᠢᠯᠠᠭᠠᠭᠰᠠᠨ ᠢᠶᠠᠷ᠂ ᠡᠨᠡ ᠵᠢᠯ᠂ ᠪᠥᠬᠦ ᠰᠢᠶᠠᠩ ᠤᠨ ᠨᠡᠷᠡᠨ ᠬᠤᠸᠠᠷ ᠳᠠᠷᠢᠭᠰᠠᠨ ᠲᠠᠯᠠᠪᠠᠶ 3.5 ᠲᠦᠮᠡᠨ ᠮᠥ ᠳᠤ ᠬᠦᠷᠴᠡᠶ᠂ ᠡᠭᠦᠨ ᠤ ᠳᠡᠭᠡᠷ᠎ᠡ ᠡᠨᠡ ᠵᠢᠯ ᠤᠨ ᠬᠤᠷ᠎ᠠ ᠪᠣᠷᠣᠭᠠᠨ  ᠭᠦᠢᠴᠡᠳ ᠪᠠ ᠲᠠᠷᠢᠶᠠᠨ ᠭᠠᠵᠠᠷ ᠤᠨ ᠬᠠᠮᠢᠶᠠᠷᠤᠯᠲᠠ  ᠭᠦᠢᠴᠡᠳ ᠪᠣᠯᠤᠭᠰᠠᠨ ᠠᠴᠠ ︽ᠲᠦᠮᠡᠨ ᠮᠥ ᠨᠡᠷᠡᠨ ᠬᠤᠸᠠᠷ︾ ᠡᠯᠪᠡᠭ ᠬᠤᠷᠢᠶᠠᠯᠲᠠ ᠤᠯᠬᠤ ᠡᠷᠡᠮᠡᠯᠵᠡᠯ ᠲᠠᠢ ᠪᠠᠶᠢᠨ᠎ᠠ᠃                                                   ᠨᠠᠶᠢᠷᠠᠭᠤᠯᠤᠭᠴᠢ᠄   ᠶᠠᠩ  ᠿᠦᠢ ᠵᠧᠨ                                                   ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2