ᠯᠢᠦ ᠶᠢᠨ ᠲᠤᠤ ᠬᠤᠩ ᠮᠤᠤ ᠪᠠᠯᠭᠠᠰᠤᠨ ᠤ ᠢ ᠬᠠᠢ ᠨᠡᠶᠢᠭᠡᠮ ᠲᠣᠭᠤᠷᠢᠭ ᠲᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/19
 8 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠬᠤᠩ ᠮᠤᠤ ᠪᠠᠯᠭᠠᠰᠤᠨ ᠤ ᠢ ᠬᠠᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃    ᠬᠤᠷᠠᠯ ᠳᠡᠭᠡᠷ᠎ᠡ᠂ ᠯᠢᠦ ᠶᠢᠨ ᠲᠤᠤ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠬᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠪᠠ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠵᠡᠷᠭᠡ ᠭᠤᠷᠪᠠᠨ ᠲᠠᠯ᠎ᠠ ᠪᠠᠷ ᠭᠦᠨᠵᠡᠭᠡᠢ ᠲᠠᠶᠢᠯᠤᠮᠵᠢ ᠬᠢᠵᠦ ᠤᠬᠠᠭᠤᠯᠤᠨ ᠲᠠᠶᠢᠯᠪᠤᠷᠢᠯᠠᠵᠠᠢ᠃ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠢᠯᠡ ᠲᠣᠳᠣ᠂ ᠠᠭᠤᠯᠭ᠎ᠠ ᠡᠯᠪᠡᠭ ᠪᠠᠶᠠᠯᠢᠭ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠪᠦᠬᠦ ᠺᠠᠳ᠋ᠷᠴᠤᠳ ᠢ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠤᠬᠠᠢ ᠨᠡᠩ ᠪᠦᠬᠦ ᠲᠠᠯ᠎ᠠ ᠶᠢᠨ᠂ ᠭᠦᠨ ᠭᠦᠨᠵᠡᠭᠡᠢ ᠲᠠᠨᠢᠯᠲᠠ ᠲᠠᠢ ᠪᠣᠯᠭᠠᠵᠠᠢ᠃    ᠯᠢᠦ ᠶᠢᠨ ᠲᠤᠤ ᠪᠠᠰᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠲᠣᠭᠤᠷᠢᠨ ᠳᠤ ᠨᠡᠶᠢᠭᠡᠮ ᠲᠣᠭᠤᠷᠢᠭ ᠤᠨ ᠺᠠᠳ᠋ᠷᠴᠤᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠨᠡᠶᠢᠭᠡᠮ ᠲᠣᠭᠤᠷᠢᠭ ᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠤᠨ ᠲᠠᠯ᠎ᠠ ᠪᠠᠷ ᠵᠢᠯᠣᠭᠤᠳᠬᠤ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠯᠢᠦ ᠶᠢᠨ ᠲᠤᠤ᠂ ᠨᠡᠶᠢᠭᠡᠮ ᠲᠣᠭᠤᠷᠢᠭ ᠤᠨ ᠠᠵᠢᠯ ᠨᠢ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠲᠠᠢ ᠬᠤᠯᠪᠣᠭᠳᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠬᠤᠯᠠ ᠠᠭᠤᠯᠭ᠎ᠠ᠂ ᠵᠠᠰᠠᠭ ᠤᠨ ᠣᠷᠳᠣᠨ ᠪᠣᠯᠤᠨ ᠠᠷᠠᠳ ᠤᠯᠠᠨ ᠢ ᠬᠤᠯᠪᠣᠬᠤ ︽ᠬᠥᠭᠦᠷᠭᠡ︾ ᠪᠣᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠨ ᠱᠠᠲᠤᠨ ᠤ ᠵᠠᠰᠠᠯᠲᠠ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠲᠦᠪᠰᠢᠨ ᠢ ᠳᠡᠭᠡᠭᠰᠢᠯᠡᠭᠦᠯᠵᠦ᠂ ᠵᠠᠰᠠᠯᠲᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠠᠨᠤᠮᠵᠢ ᠶᠢᠨ  ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢᠨ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠣᠶᠤᠨᠴᠢ ᠪᠥᠭᠡᠳ ᠬᠠᠤᠯᠢ ᠶᠣᠰᠣᠨ ᠤ ᠠᠷᠭ᠎ᠠ ᠬᠡᠯᠪᠡᠷᠢ ᠪᠠᠷ ᠥᠪᠡᠷ ᠤᠨ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠᠨ ᠢᠯᠡᠳᠬᠡᠬᠦ ᠪᠣᠯᠭᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠡᠷᠡᠰ ᠰᠠᠬᠢᠵᠤ᠂ ᠨᠡᠩ ᠬᠦᠴᠦᠲᠡᠶ ᠠᠵᠢᠯᠯᠠᠭ᠎ᠠ᠂ ᠨᠡᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠠᠷᠠᠳ ᠤᠯᠠᠨ ᠳᠤ ᠰᠠᠶᠢᠲᠤᠷ ᠦᠢᠯᠡᠴᠢᠯᠡᠬᠦ ᠬᠡᠷᠡᠭᠲᠡᠶ   ᠭᠡᠪᠡ᠃    ᠬᠤᠩ ᠮᠤᠤ ᠪᠠᠯᠭᠠᠰᠤᠨ ᠤ ᠮᠥᠨ ᠴᠢᠨᠠᠷ ᠤᠨ ᠳᠡᠳ᠋ ᠰᠠᠯᠠᠭ᠎ᠠ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ ᠨᠡᠶᠢᠭᠡᠮ ᠲᠣᠭᠤᠷᠢᠭ ᠤᠨ ᠡᠷᠬᠢᠯᠡᠭᠴᠢ ᠬᠤᠷᠠᠯ ᠳᠤ ᠣᠷᠣᠯᠴᠠᠪᠠ᠃                                ᠨᠠᠶᠢᠷᠠᠭᠤᠯᠤᠭᠴᠢ᠄   ᠶᠠᠩ  ᠿᠦᠢ ᠵᠧᠨ                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2