ᠵᠧᠩ ᠳ᠋ᠦᠩ ᠫᠢᠩ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠢ ᠬᠠᠷᠢᠭᠤ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/8/19
   8 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠩ ᠮᠤᠤ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤᠨ ᠤ ᠬᠤᠩ ᠴᠢ ᠶᠢᠩ ᠲᠣᠰᠬᠤᠨ ᠤ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠤ ᠭᠡᠷ ᠲᠤ ᠭᠦᠨᠵᠡᠭᠡᠶᠢᠷᠡᠵᠦ᠂ ᠤᠯᠠᠨ ᠲᠦᠮᠡᠨ ᠤ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠷᠢᠭᠤ ᠰᠤᠷᠪᠤᠯᠵᠢᠯᠠᠪᠠ᠃    ᠵᠧᠩ ᠳ᠋ᠦᠩ ᠫᠢᠩ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠲᠠᠢ ᠭᠦᠨᠵᠡᠭᠡᠶ ᠶᠠᠷᠢᠯᠴᠠᠵᠤ᠂ ᠤᠯᠠᠨ ᠲᠦᠮᠡᠨ ᠤ ᠲᠤᠰᠬᠠᠭᠰᠠᠨ ᠭᠡᠷ ᠪᠠᠶᠢᠰᠢᠩ ᠡᠪᠳᠡᠷᠡᠵᠦ ᠰᠦᠢᠳᠦᠭᠰᠡᠨ᠂ ᠬᠥᠳᠡᠭᠡ ᠲᠣᠰᠬᠤᠨ ᠤ ᠲᠦᠭᠡᠭᠡᠯ ᠤᠰᠤ ᠶᠢ ᠡᠷᠦᠬᠡ ᠳᠤ ᠣᠷᠣᠭᠤᠯᠬᠤ ᠵᠡᠷᠭᠡ ᠭᠤᠮᠣᠳᠠᠯ ᠱᠠᠭᠠᠷᠳᠠᠯᠭ᠎ᠠ ᠶᠢᠨ ᠣᠳᠣᠬᠠᠨ ᠤ ᠰᠢᠢᠳᠪᠤᠷᠢᠯᠡᠭᠰᠡᠨ ᠪᠠᠶᠢᠳᠠᠯ ᠢ ᠬᠦᠯᠢᠴᠡᠩᠭᠦᠶ ᠪᠠᠷ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠰᠠᠨᠠᠯ ᠢ ᠬᠤᠷᠢᠶᠠᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠲᠠᠢ ᠬᠠᠮᠲᠤ ᠪᠠᠷ ᠰᠢᠢᠳᠪᠤᠷᠢᠯᠡᠬᠦ ᠠᠷᠭ᠎ᠠ ᠶᠢ ᠵᠥᠪᠳᠡᠯᠴᠡᠪᠡ᠃    ᠵᠧᠩ ᠳ᠋ᠦᠩ ᠫᠢᠩ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠬᠠᠤᠯᠢ ᠶᠣᠰᠣᠭᠠᠷ ᠣᠶᠤᠨᠴᠢ ᠪᠠᠷ ᠡᠷᠢᠯᠬᠢᠯᠡᠵᠦ᠂ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠢ ᠨᠠᠷᠢᠨ ᠨᠢᠮᠪᠠᠢ ᠰᠢᠢᠳᠪᠦᠷᠢᠯᠡᠵᠦ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠵᠣᠬᠢᠰᠲᠠᠢ ᠰᠢᠢᠳᠪᠦᠷᠢᠯᠡᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠮᠥᠷᠳᠡᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠵᠠᠳᠠᠯᠤᠨ ᠰᠤᠳᠤᠯᠤᠨ ᠮᠠᠭᠠᠳᠯᠠᠵᠤ᠂ ᠤᠯᠠᠨ ᠲᠦᠮᠡᠨ ᠤ ᠦᠵᠡᠯ ᠰᠠᠨᠠᠭ᠎ᠠ ᠪᠠ ᠤᠷᠮ᠎ᠠ ᠰᠡᠳᠬᠢᠯᠭᠡ ᠶᠢᠨ ᠠᠰᠠᠭᠤᠳᠠᠯ ᠢ ᠬᠦᠯᠢᠴᠡᠩᠭᠦᠶ ᠪᠠᠷ ᠬᠥᠲᠥᠯᠥᠨ ᠵᠢᠯᠣᠭᠤᠳᠴᠤ ᠨᠠᠮᠳᠠᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ  ᠰᠢᠢᠳᠪᠤᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠥᠷᠢᠴᠡᠯ ᠠᠰᠠᠭᠤᠳᠠᠯ ᠢ ᠴᠤᠬᠤᠶᠢᠵᠤ ᠪᠠᠶᠢᠭ᠎ᠠ ᠦᠶ᠎ᠡ ᠳᠤᠨᠢ ᠢᠯᠡᠷᠡᠭᠦᠯᠵᠦ᠂ ᠦᠨᠳᠦᠰᠦᠨ ᠱᠠᠲᠤᠨ ᠳᠤᠨᠢ ᠨᠠᠮᠳᠠᠭᠤᠯᠬᠤ ᠪᠠᠷ ᠴᠢᠷᠮᠠᠶᠢᠵᠤ᠂ ᠠᠷᠠᠳ ᠤᠨ ᠵᠣᠪᠠᠨᠢᠯ ᠢ ᠰᠢᠢᠳᠪᠤᠷᠢᠯᠡᠬᠦ ᠂ ᠲᠣᠭᠲᠠᠭᠤᠨ ᠪᠠᠶᠢᠳᠠᠯ ᠢ ᠪᠠᠲᠤᠯᠠᠬᠤ᠂ ᠡᠶ᠎ᠡ ᠵᠣᠬᠢᠴᠠᠯ ᠢ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃    ᠰᠢᠶᠠᠨ ᠤ ᠤᠳᠤᠷᠢᠳᠤᠯᠭ᠎ᠠ ᠵᠠᠶ ᠵᠢᠶ ᠴᠢᠩ ᠵᠢᠴᠢ ᠬᠤᠯᠪᠣᠭᠳᠠᠯ ᠪᠦᠬᠦᠢ ᠨᠢᠭᠡᠴᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠪᠠ᠃                                         ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2