8 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠵᠢᠩ ᠨᠧᠩ | ᠪᠦᠯᠦᠭᠯᠡᠯ ᠤᠨ ᠲᠠᠭ᠎ᠠ ᠶᠢᠨ ᠨᠠᠭᠤᠷ ᠴᠠᠬᠢᠯᠭᠠᠨ ᠤᠶᠢᠯᠡᠳᠪᠤᠷᠢ ᠳᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ | ᠵᠤᠶᠢᠯ ᠤᠨ ᠲᠤᠬᠠᠶ ᠶᠢᠨ ᠲᠠᠯᠠᠪᠠᠶ ᠶᠢᠨ ᠠᠵᠢᠯᠯᠠᠬᠤ ᠬᠤᠷᠠᠯ ᠬᠢᠵᠦ᠂ 150 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ ᠬᠡᠷᠡᠯ ᠸᠣᠯᠲ ᠤᠨ ᠲᠥᠷᠥᠯ ᠵᠤᠶᠢᠯ ᠤᠨ ᠠᠬᠢᠭᠤᠯᠤᠯᠲᠠ ᠶᠢᠨ ᠪᠠᠶᠢᠳᠠᠯ ᠢ ᠰᠣᠨᠣᠰᠴᠤ᠂ | ᠪᠠᠷᠢᠯᠭ᠎ᠠ ᠶᠢᠨ ᠠᠵᠢᠯ ᠤᠨ ᠶᠠᠪᠤᠴᠠ ᠳᠤ ᠲᠣᠬᠢᠶᠠᠯᠳᠤᠭᠰᠠᠨ ᠬᠦᠴᠢᠷᠳᠡᠯ ᠢ ᠵᠣᠬᠢᠴᠠᠭᠤᠯᠤᠨ ᠰᠢᠢᠳᠪᠤᠷᠢᠯᠡᠪᠡ᠃ | ᠯᠢᠦ ᠶᠢᠨ ᠲᠤᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠰᠠᠶᠢᠨ ᠲᠣᠬᠢᠶᠠᠯ ᠢ ᠭᠦᠢᠴᠡᠳ ᠡᠵᠡᠮᠳᠡᠵᠦ᠂ | ᠲᠦᠷᠦᠯ ᠵᠦᠢᠯ ᠤᠨ ᠦᠢᠯᠡᠴᠢᠯᠡᠭᠡᠨ ᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠲᠦᠷᠦᠯ ᠵᠦᠢᠯ ᠤᠨ | ᠠᠵᠤ ᠠᠬᠤᠶᠢᠯᠠᠯ ᠯᠤᠭ᠎ᠠ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠨᠡᠮᠡᠭᠳᠡᠭᠦᠯᠬᠦ ᠬᠡᠷᠡᠭᠲᠡᠢ ᠭᠡᠵᠦ ᠢᠯᠡᠳᠬᠡᠪᠡ᠃ ᠤᠯᠠᠨ ᠲᠠᠯ᠎ᠠ ᠪᠠᠷ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠥᠳᠡᠭᠡ ᠲᠣᠰᠬᠤᠨ ᠬᠤᠶᠠᠷ ᠱᠠᠲᠤᠨ ᠤ ᠬᠢᠨ ᠵᠣᠬᠢᠴᠠᠭᠤᠯᠤᠨ | ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠲᠠᠯ᠎ᠠ ᠶᠢᠨ ᠬᠢᠨ ᠤ ᠡᠯ᠎ᠡ ᠵᠦᠢᠯ ᠤᠨ ᠠᠵᠢᠯ ᠢᠶᠠᠨ | ᠥᠷᠨᠢᠭᠦᠯᠬᠦ ᠳᠤ ᠢᠳᠡᠪᠬᠢᠲᠡᠢ ᠬᠠᠮᠵᠢᠯᠴᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠣᠬᠢᠴᠠᠭᠤᠯᠤᠨ | ᠰᠢᠢᠳᠪᠦᠷᠢᠯᠡᠵᠦ᠂ ᠪᠠᠷᠢᠯᠭ᠎ᠠ ᠶᠢᠨ ᠠᠵᠢᠯ ᠠᠴᠠ ᠪᠣᠯᠤᠭᠰᠠᠨ ᠵᠥᠷᠢᠴᠡᠯ ᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠃ | ᠲᠥᠷᠥᠯ ᠵᠤᠶᠢᠯ ᠤᠨ ᠠᠵᠤ ᠠᠬᠤᠶᠢᠯᠠᠯ ᠤᠳ ᠠᠮᠤᠷ ᠲᠦᠪᠰᠢᠨ ᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ | ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ | ᠬᠡᠮᠵᠢᠶ᠎ᠡ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠠᠶᠤᠯ ᠥᠬᠡᠶ | ᠤᠶᠢᠯᠡᠳᠪᠤᠷᠢᠯᠡᠯ ᠢ ᠪᠠᠲᠤᠯᠠᠵᠤ᠂ ᠠᠶᠤᠯ ᠥᠬᠡᠶ ᠤᠶᠢᠯᠡᠳᠪᠤᠷᠢᠯᠡᠯ ᠤᠨ ᠠᠳᠡᠯ ᠭᠠᠷᠬᠤ ᠶᠢ ᠬᠤᠷᠢᠭᠯᠠᠬᠤ ᠬᠡᠷᠡᠭᠳᠡᠢ | ᠭᠡᠪᠡ᠃ | ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠸᠠᠩ ᠵᠢᠶᠦ᠋ᠨ ᠶᠦᠩ᠂ ᠶᠠᠩ ᠬᠤᠩ᠂ ᠵᠠᠢ ᠵᠢᠢ ᠴᠢᠩ᠂ ᠪᠠᠢ | ᠯᠢ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠶᠢᠨ | ᠬᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |