ᠲᠠᠭ᠎ᠠ ᠶᠢᠨ ᠨᠠᠭᠤᠷ ᠪᠠᠯᠭᠠᠰᠤ᠄ ᠬᠦᠷᠢᠶᠡᠨ ᠤ ᠠᠵᠤ ᠠᠬᠤᠶ ᠶᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/8/2
ᠤᠢᠢᠷ᠎ᠠ ᠶᠢᠨ ᠵᠢᠯ ᠠᠴᠠ᠂ ᠲᠠᠭ᠎ᠠ ᠶᠢᠨ ᠨᠠᠭᠤᠷ ᠪᠠᠯᠭᠠᠰᠤ ᠶᠢᠨ ᠬᠢᠨ ᠬᠥᠳᠡᠭᠡ ᠠᠵᠤ ᠠᠬᠤᠢ ᠶᠢᠨ ᠡᠬᠢ ᠪᠠᠶᠠᠯᠢᠭ ᠢᠶᠠᠷ ᠲᠦᠰᠢᠭ ᠪᠣᠯᠭᠠᠬᠤ ᠶᠢ ᠪᠠᠷᠢᠮᠲᠠᠯᠠᠵᠤ᠂ ︽ᠬᠦᠷᠢᠶᠡᠨ ᠤ ᠠᠵᠤ ᠠᠬᠤᠢ +︾ ᠵᠠᠭᠪᠤᠷ ᠢ ᠬᠡᠷᠡᠭᠯᠡᠵᠦ᠂ ᠲᠠᠷᠢᠶᠠᠴᠢᠨ ᠡᠷᠦᠬᠡ ᠶᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠵᠣᠷᠢᠭᠵᠢᠭᠤᠯᠵᠤ᠂ ᠦᠷᠳᠡᠭ ᠨᠡᠮᠡᠭᠳᠡᠯ ᠤᠨ ᠦᠷ᠎ᠡ ᠠᠰᠢᠭ ᠢ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠵᠦ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠵᠡᠷᠭᠡᠪᠡᠷ ᠴᠢᠬᠤᠯᠠᠴᠢᠯᠠᠬᠤ ᠬᠥᠳᠡᠭᠡ ᠠᠵᠤ ᠠᠬᠤᠢ ᠶᠢ ᠬᠥᠭᠵᠢᠭᠦᠯᠬᠦ ᠵᠠᠮ ᠢ ᠨᠡᠭᠡᠭᠡᠵᠡᠢ᠃
       ᠵᠤᠨ ᠤ ᠳᠡᠯᠭᠡᠷ ᠤᠯᠠᠷᠢᠯ ᠳᠤ᠂ ᠳ᠋ᠦ᠋ ᠵᠢᠶᠠ ᠲᠣᠰᠬᠤᠨ ᠤ ᠪᠠᠢ ᠵᠢᠶᠦ᠋ᠨ ᠹᠠᠩ ᠤᠨ ᠭᠤᠸᠠ ᠶᠢᠨ ᠰᠠᠷᠠᠪᠴᠢᠨ ᠳᠤ ᠣᠷᠣᠵᠤ ᠬᠠᠷᠠᠬᠤ ᠳᠤ᠂ ᠨᠣᠮᠢᠨ ᠨᠣᠭᠤᠭᠠᠨ ᠦᠩᠭᠡ ᠲᠠᠢ᠂ ᠬᠡ ᠤᠭᠠᠯᠵᠠ ᠨᠢ ᠲᠣᠳᠣ ᠵᠢᠵᠢᠭ ᠲᠠᠷᠪᠤᠰ ᠵᠡᠯ᠎ᠡ ᠳᠡᠭᠡᠷ᠎ᠡ ᠵᠢᠭᠳᠡᠷᠡᠨ ᠡᠯᠭᠦᠭᠳᠡᠵᠦ᠂ ᠶᠠᠭ ᠯᠠ ᠬᠡᠰᠡᠭ ᠬᠡᠰᠡᠭ ᠨᠣᠭᠤᠭᠠᠨ ᠨᠣᠭᠤᠭᠠᠨ ᠨᠣᠭᠤᠭᠠᠨ ᠨᠣᠭᠤᠭᠠᠨ ᠬᠠᠰ ᠰᠢᠭ᠋ ᠬᠥᠮᠦᠰ ᠤᠨ ᠪᠠᠭ᠋ᠠᠷᠬᠠᠯ ᠢ ᠲᠠᠲᠠᠨ᠎ᠠ᠃ 2005 ᠣᠨ ᠳᠤ᠂ ᠳ᠋ᠦ᠋ ᠵᠢᠶᠠ ᠼᠦᠨ ᠲᠣᠰᠬᠤᠨ ᠤ ᠬᠢᠨ ᠰᠤᠯᠠ ᠪᠠᠶᠢᠭ᠎ᠠ ᠭᠠᠵᠠᠷ ᠰᠢᠷᠣᠢ ᠪᠠᠨ ᠠᠰᠢᠭᠯᠠᠨ ᠲᠤᠮᠤ ᠫᠤᠩ ᠪᠠᠷᠢᠵᠤ᠂ ᠪᠠᠢ ᠵᠢᠶᠦ᠋ᠨ ᠹᠠᠩ ᠡᠩ ᠲᠡᠷᠢᠭᠦᠨ ᠳᠤ ᠨᠢᠭᠡ ᠲᠤᠮᠤ ᠫᠤᠩ ᠬᠤᠳᠠᠯᠳᠤᠨ ᠠᠪᠴᠤ ᠲᠠᠷᠪᠤᠰ ᠪᠠ ᠢᠳᠡᠰᠢᠨ ᠨᠣᠭᠤᠭ᠎ᠠ ᠲᠠᠷᠢᠵᠦ᠂ ᠬᠠᠭᠠᠰ ᠮᠦ ᠭᠠᠵᠠᠷ ᠤᠨ ᠲᠤᠮᠤ ᠫᠤᠩ ᠨᠢ ᠵᠢᠯ ᠳᠤ 8000 ᠭᠠᠷᠤᠢ ᠲᠥᠭᠦᠷᠢᠭ ᠤᠨ ᠣᠷᠣᠯᠭ᠎ᠠ ᠲᠠᠢ ᠪᠣᠯᠪᠠ᠃  ᠪᠠᠶ ᠵᠢᠶᠦ᠋ᠨ ᠹᠠᠩ᠄ ︽ᠳᠣᠯᠣᠳᠤᠭᠠᠷ ᠰᠠᠷ᠎ᠠ ᠶᠢᠨ ᠳᠤᠮᠳᠠᠴᠢ ᠪᠠᠷ ᠮᠠᠨ ᠤ ᠭᠡᠷ ᠤᠨ ᠵᠢᠮᠢᠰ ᠲᠡᠭᠦᠬᠦ ᠬᠤᠭᠤᠴᠠᠭᠠᠨ ᠳᠤ ᠣᠷᠣᠵᠠᠶ᠂ ᠡᠨᠡ ᠵᠢᠯ ᠪᠢ ᠳᠥᠷᠪᠡᠨ ᠲᠣᠮᠣ ᠫᠤᠩ ᠳᠠᠷᠢᠵᠤ᠂ ᠣᠳᠣ ᠨᠢᠭᠡᠨᠲᠡ ᠨᠢᠭᠡ ᠲᠣᠮᠣ ᠫᠤᠩ ᠬᠤᠳᠠᠯᠳᠤᠵᠤ ᠳᠠᠭᠤᠰᠴᠠᠶ᠂ ᠡᠨᠡ ᠵᠢᠯ ᠤᠨ ᠠᠰᠢᠭ ᠣᠷᠣᠯᠭ᠎ᠠ ᠪᠠᠰᠠ ᠶᠡᠭᠡ ᠰᠠᠶᠢᠨ ᠪᠠᠶᠢᠨ᠎ᠠ᠂ ᠵᠠᠯᠭᠠᠭᠠᠳ ᠪᠢ ᠪᠣᠷᠣᠯᠠᠭᠤᠯᠭ᠎ᠠ ᠶᠢᠨ ᠵᠠᠮ ᠢᠶᠠᠨ ᠦᠷᠭᠦᠯᠵᠢᠯᠡᠨ ᠥᠷᠭᠡᠳᠬᠡᠵᠦ᠂ ᠨᠡᠩ ᠣᠯᠠᠨ ᠬᠥᠮᠦᠨ ᠳᠤ ᠠᠮᠲᠠᠯᠠᠭᠤᠯᠬᠤ ᠪᠠᠷ ᠪᠠᠶᠢᠨ᠎ᠠ︾ ᠭᠡᠵᠡᠶ᠃ ᠳ᠋ᠦ᠋ ᠵᠢᠶᠠ ᠲᠣᠰᠬᠤᠨ ᠤ ᠬᠢᠨ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢ᠊ ᠡᠶ᠎ᠡ ᠦᠵᠡᠭᠦᠯᠬᠦ ᠲᠣᠰᠬᠤᠨ ᠤ ᠨᠢᠭᠡ ᠪᠣᠯᠤᠭᠰᠠᠨ ᠤ ᠬᠤᠪᠢ ᠳᠤ᠂ ᠣᠷᠣᠨ ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠤᠳᠤ ᠨᠡᠶᠢᠳᠡ 24 ᠲᠤᠮᠤ ᠬᠦᠯᠡᠮᠵᠢ ᠲᠠᠢ᠂ 8 ᠬᠦᠯᠡᠮᠵᠢ ᠳᠤ ᠡᠯᠭᠦᠮᠡᠯ ᠬᠡᠮᠬᠡ ᠲᠠᠷᠢᠵᠦ᠂ 15 ᠲᠤᠮᠤ ᠬᠦᠯᠡᠮᠵᠢ ᠳᠤ ᠨᠠᠩᠭᠤᠸᠠ ᠲᠠᠷᠢᠵᠤ᠂ 1 ᠬᠡᠪᠴᠢᠶᠡᠲᠦ ᠲᠡᠵᠢᠭᠡᠨ ᠦᠷᠡᠵᠢᠭᠦᠯᠬᠦ ᠬᠦᠯᠡᠮᠵᠢ ᠲᠠᠢ᠃ ᠪᠤᠶ ᠪᠦᠬᠦᠢ ᠪᠠᠶᠢᠩᠭᠤ ᠰᠠᠭᠤᠭ᠎ᠠ ᠡᠷᠦᠬᠡ ᠴᠥᠮ ᠥᠪᠡᠷ ᠤᠨ ᠭᠡᠷ ᠤᠨ ᠬᠦᠷᠢᠶ᠎ᠡ ᠬᠠᠰᠢᠶ᠎ᠠ᠂ ᠡᠭᠦᠳᠡᠨ ᠡᠮᠦᠨ᠎ᠡ ᠪᠠᠨ ᠵᠢᠮᠢᠰ ᠤᠨ ᠮᠣᠳᠣ᠂ ᠦᠵᠦᠮ ᠵᠡᠷᠭᠡ ᠠᠵᠤ ᠠᠬᠤᠶ ᠶᠢᠨ ᠮᠣᠳᠣᠨ ᠤ ᠲᠥᠷᠥᠯ ᠢ ᠳᠠᠷᠢᠵᠤ᠂ ᠳᠠᠷᠤᠭᠳᠠᠵᠤ ᠪᠠᠶᠢᠭ᠎ᠠ ᠵᠢᠵᠢᠭ ᠮᠠᠯ ᠵᠢᠭᠦᠷᠲᠡᠨ ᠢ ᠲᠡᠵᠢᠭᠡᠨ ᠦᠷᠡᠵᠢᠭᠦᠯᠦᠨ᠎ᠡ᠃ ᠪᠦᠷᠢᠳᠬᠡᠯ ᠢ ᠦᠨᠳᠦᠰᠦᠯᠡᠪᠡᠯ᠂ ᠪᠦᠬᠦ ᠲᠣᠰᠬᠤᠨ ᠢᠶᠠᠷ ᠢᠶᠠᠨ 39 ᠰᠠᠭᠤᠷᠢ ᠵᠢᠮᠢᠰ ᠤᠨ ᠮᠣᠳᠣ᠂ 16 ᠮᠦ ᠢᠳᠡᠰᠢᠨ ᠨᠣᠭᠤᠭ᠎ᠠ ᠲᠠᠷᠢᠪᠠ︔ 620 ᠲᠠᠬᠢᠶ᠎ᠠ᠂ 19 ᠭᠠᠭ᠋ᠠᠶ ᠲᠡᠵᠢᠭᠡᠵᠡᠶ ᠃ ᠭᠤᠸᠠ ᠵᠢᠮᠢᠰ ᠢᠳᠡᠰᠢᠨ ᠨᠣᠭᠤᠭ᠎ᠠ ᠪᠣᠯᠪᠠᠰᠤᠷᠠᠭᠰᠠᠨ ᠤ ᠳᠠᠷᠠᠭ᠎ᠠ᠂ ᠲᠣᠰᠬᠤᠨ ᠤ ᠠᠷᠠᠳ ᠥᠪᠡᠷ ᠤᠨ ᠳᠠᠷᠢᠵᠤ ᠤᠷᠭᠤᠭᠤᠯᠤᠭᠰᠠᠨ ᠤᠨᠴᠠᠯᠢᠬᠳᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢᠶᠠᠨ ᠬᠥᠬᠡᠬᠤᠲᠠ ᠶᠢᠨ ᠬᠠᠵᠠᠭᠤ ᠶᠢᠨ ᠠᠵᠤ ᠠᠬᠤᠶ ᠶᠢᠨ ᠮᠤᠬᠤᠯᠠᠭ ᠲᠤ ᠠᠪᠠᠴᠢᠵᠤ ᠬᠤᠳᠠᠯᠳᠤᠵᠤ ᠪᠣᠯᠤᠨ᠎ᠠ᠂ ᠢᠩᠭᠢᠪᠡᠯ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠪᠠᠰᠠ ᠵᠢᠭᠤᠯᠴᠢᠯᠠᠯ ᠤᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ ᠪᠣᠯᠤᠨ᠎ᠠ᠃
     ᠵᠤᠤ ᠵᠢᠶᠠ ᠲᠣᠰᠬᠤᠨ ᠤ ᠯᠢ ᠴᠦᠨ ᠬᠤᠸᠠ ᠶᠢᠨ ᠯᠢ ᠽᠢ ᠵᠢᠮᠢᠰ ᠲᠡᠭᠦᠬᠦ ᠬᠦᠷᠢᠶᠡᠯᠡᠩ ᠳᠤ᠂ ᠯᠢ ᠽᠢ ᠵᠢᠮᠢᠰ ᠲᠡᠭᠦᠬᠦ ᠪᠠᠷ ᠬᠦᠷᠦᠯᠴᠡᠨ ᠢᠷᠡᠭᠰᠡᠨ ᠵᠤᠭᠠᠴᠠᠭᠰᠠᠳ ᠲᠠᠰᠤᠷᠠᠯᠳᠡ ᠦᠭᠡᠢ ᠴᠤᠪᠤᠷᠠᠯᠳᠤᠵᠤ᠂ ᠵᠤᠭᠠᠴᠠᠭᠰᠠᠳ ᠨᠢᠭᠡ ᠲᠠᠯ᠎ᠠ ᠪᠠᠷ ᠭᠤᠶᠤ ᠦᠵᠡᠮᠵᠢ ᠶᠢ ᠰᠣᠨᠢᠷᠬᠠᠵᠤ᠂ ᠨᠢᠭᠡ ᠲᠠᠯ᠎ᠠ ᠪᠠᠷ ᠰᠢᠨ᠎ᠡ ᠰᠣᠷᠭᠤᠭ ᠢ ᠨᠢ ᠲᠡᠭᠦᠵᠦ ᠦᠵᠡᠨ᠂ ᠵᠢᠮᠢᠰ ᠲᠡᠭᠦᠬᠦ ᠵᠤᠭ᠎ᠠ ᠴᠡᠩᠭᠡᠯ ᠢ ᠡᠳ᠋ᠯᠡᠬᠦ ᠶᠢᠨ ᠬᠠᠮᠲᠤ ᠪᠠᠰᠠ ᠰᠤᠯᠠ ᠰᠡᠯᠡᠭᠦᠦ ᠬᠥᠳᠡᠭᠡ ᠨᠤᠲᠤᠭ ᠤᠨ ᠴᠠᠭ ᠮᠥᠴᠡ ᠶᠢ ᠰᠣᠨᠢᠷᠬᠠᠨ᠎ᠠ᠃ ᠵᠢᠭᠤᠯᠴᠢᠯᠠᠭᠴᠢ ᠸᠠᠩ ᠠᠪᠠᠭ᠋ᠠᠶ ᠶᠢᠨ ᠬᠡᠯᠡᠬᠦ ᠪᠠᠷ᠄ ︽ᠪᠢᠳᠡ ᠬᠥᠬᠡᠬᠤᠲᠠ ᠳᠤ ᠠᠵᠢᠯᠯᠠᠭᠰᠠᠭᠠᠷ᠂ ᠵᠠᠪᠰᠢᠶᠠᠨ ᠲᠠᠢ ᠪᠣᠯ   ᠯᠢᠶᠠᠩᠴᠧᠩ ᠳᠠᠭᠠᠨ ᠪᠤᠴᠠᠵᠤ᠂ ᠰᠣᠨᠣᠰᠤᠯᠲᠠ ᠪᠠᠷ ᠠᠳᠡ ᠲᠤᠰᠬᠠᠶᠢᠯᠠᠨ ᠤᠯᠠᠭᠠᠨ ᠭᠦᠢᠯᠡᠰᠦ ᠲᠡᠭᠦᠳᠡᠭ ᠨᠢᠭᠡ ᠵᠢᠮᠢᠰ ᠲᠡᠭᠦᠬᠦ ᠬᠦᠷᠢᠶᠡᠯᠡᠩ ᠲᠠᠢ ᠭᠡᠨ᠎ᠡ᠃ ᠪᠢᠳᠡ ᠢᠷᠡᠵᠦ ᠦᠵᠡᠶ᠎ᠡ ᠭᠡᠵᠦ ᠰᠠᠨᠠᠪᠠ᠂ ᠢᠷᠡᠭᠰᠡᠨ ᠤ ᠳᠠᠷᠠᠭ᠎ᠠ ᠯᠢ ᠽᠢ ᠲᠤᠮᠤ ᠮᠥᠷᠲᠡᠭᠡᠨ ᠠᠮᠲᠠᠲᠠᠶ᠂ ᠲᠡᠭᠦᠬᠦ ᠶᠢᠨ ᠳᠠᠭᠠᠤ ᠢᠳᠡᠨ᠎ᠡ᠂ ᠠᠳᠡᠬᠢ ᠯᠢ ᠽᠢ ᠬᠡᠳᠦ ᠳᠡᠯᠭᠡᠭᠦᠷ ᠠᠴᠠ ᠬᠤᠳᠠᠯᠳᠤᠨ ᠠᠪᠤᠭᠰᠠᠨ ᠠᠴᠠ ᠢᠯᠡᠭᠦᠦ ᠰᠢᠨ᠎ᠡ ᠰᠣᠷᠭᠤᠭ ᠰᠠᠨᠠᠭᠳᠠᠨ᠎ᠠ᠂ ᠲᠡᠭᠡᠬᠦ ᠮᠥᠷᠲᠡᠭᠡᠨ ᠡᠨᠡ ᠬᠦ ᠲᠡᠭᠦᠬᠦ ᠣᠷᠴᠢᠨ ᠲᠣᠭᠤᠷᠢᠨ ᠨᠢ ᠴᠦ ᠮᠠᠰᠢ ᠰᠠᠶᠢᠨ ᠪᠠᠶᠢᠳᠠᠭ᠂ ᠠᠳᠡ ᠢᠷᠡᠭᠰᠡᠨ ᠤ ᠳᠠᠷᠠᠭ᠎ᠠ ᠰᠡᠳᠬᠢᠯ ᠰᠠᠨᠠᠭ᠎ᠠ ᠠᠭᠤᠵᠢᠷᠠᠳᠠᠭ᠂ ᠪᠣᠯᠵᠣᠮᠣᠷ ᠰᠢᠪᠠᠭᠤ ᠵᠢᠷᠭᠢᠵᠦ ᠴᠡᠴᠡᠭ ᠳᠡᠯᠭᠡᠷᠡᠬᠦ ᠳᠤᠮᠳᠠ ᠪᠠᠰᠠ ᠯᠢ ᠽᠢ ᠢᠳᠡᠵᠦ ᠪᠣᠯᠤᠨ᠎ᠠ᠂ ᠬᠠᠵᠠᠭᠤ ᠳᠤᠨᠢ ᠪᠠᠰᠠ ᠲᠠᠷᠢᠶᠠᠴᠢᠨ ᠠᠶᠢᠯ ᠤᠨ ᠵᠤᠭᠠᠴᠠᠯ ᠲᠠᠢ᠂ ᠡᠨᠡ ᠨᠢ ᠵᠤᠭᠠᠴᠠᠵᠤ ᠰᠡᠯᠡᠭᠦᠴᠡᠬᠦ ᠳᠤ ᠰᠠᠶᠢᠬᠠᠨ ᠭᠠᠵᠠᠷ ᠪᠣᠯᠤᠨ᠎ᠠ︾᠃ ᠵᠤᠤ ᠵᠢᠶᠠ ᠼᠦᠨ ᠲᠣᠰᠬᠤᠨ ᠡᠮᠦᠨ᠎ᠡ ᠪᠠᠨ ᠳᠠᠭᠠ ᠶᠢᠨ ᠨᠠᠭᠤᠷ ᠬᠠᠪᠢᠳᠠᠵᠤ᠂ ᠳ᠋ᠦᠩ ᠤᠨ ᠠᠭᠤᠯᠠ ᠶᠢ ᠲᠦᠰᠢᠵᠦ᠂ ᠠᠭᠤᠷ ᠠᠮᠢᠰᠬᠤᠯ ᠴᠢᠭᠢᠭᠯᠢᠭ ᠨᠦᠢᠲᠠᠨ᠂ ᠨᠡᠷᠡᠨ ᠤ ᠲᠤᠰᠤᠯᠲᠠ ᠭᠦᠢᠴᠡᠳ᠂ ᠤᠯᠠᠭᠠᠨ ᠭᠦᠢᠯᠡᠰᠦ ᠶᠢᠨ ᠴᠢᠨᠠᠷ ᠰᠠᠶᠢᠲᠠᠢ᠂ ᠠᠮᠲᠠ ᠰᠠᠶᠢᠲᠠᠢ᠃ ᠲᠣᠰᠬᠤᠨ ᠤ 10 ᠭᠠᠷᠤᠢ ᠡᠷᠦᠬᠡ ᠲᠣᠰᠬᠤᠨ ᠤ ᠠᠷᠠᠳ ᠥᠪᠡᠷ ᠤᠨ ᠭᠡᠷ ᠤᠨ ᠢᠶᠠᠨ ᠠᠷᠤ ᠲᠠᠯ᠎ᠠ ᠶᠢᠨ ᠬᠤᠭᠤᠰᠣᠨ ᠭᠠᠵᠠᠷ ᠢ ᠠᠰᠢᠭᠯᠠᠨ ᠯᠢ ᠽᠢ ᠲᠡᠭᠦᠬᠦ ᠬᠦᠷᠢᠶᠡᠯᠡᠩ ᠪᠠᠶᠢᠭᠤᠯᠵᠤ᠂ ᠵᠤᠭᠠᠴᠠᠭᠰᠠᠳ ᠤᠨ ᠲᠡᠭᠦᠬᠦ ᠳᠤ ᠵᠣᠷᠢᠭᠤᠯᠵᠠᠢ᠃ ᠵᠤᠤ ᠵᠢᠶᠠ ᠼᠦᠨ ᠲᠣᠰᠬᠤᠨ ᠤ ᠵᠢᠮᠢᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠯᠢ ᠴᠦᠨ ᠬᠤᠸᠠ᠄ ︽ᠡᠨᠡ ᠵᠢᠯ ᠬᠤᠷ᠎ᠠ ᠪᠣᠷᠣᠭᠠᠨ ᠲᠦᠢᠯ ᠤᠨ ᠡᠯᠪᠡᠭ᠂ ᠰᠠᠭᠤᠭᠰᠠᠨ ᠯᠢ ᠽᠢ ᠲᠤᠮᠤ ᠮᠥᠷᠲᠡᠭᠡᠨ ᠠᠮᠲᠠᠲᠠᠢ᠂ ᠮᠠᠨ ᠤ ᠭᠡᠷ ᠤᠨ ᠯᠢ ᠽᠢ ᠡᠯᠪᠡᠭ ᠬᠤᠷᠢᠶᠠᠯᠲᠠ ᠤᠯᠪᠠ᠂ ᠤᠯᠠᠨ ᠢᠶᠠᠷ ᠢᠶᠠᠨ ᠢᠷᠡᠵᠦ ᠲᠡᠭᠦᠬᠦ ᠶᠢ ᠪᠠᠶᠠᠷᠯᠠᠨ ᠤᠭᠲᠤᠵᠤ ᠪᠠᠶᠢᠨ᠎ᠠ︾ ᠭᠡᠵᠦ ᠬᠡᠯᠡᠪᠡ᠃
   ᠲᠠᠭ᠎ᠠ ᠶᠢᠨ ᠨᠠᠭᠤᠷ ᠪᠠᠯᠭᠠᠰᠤ ᠶᠢᠨ ᠬᠢᠨ ᠪᠣᠳᠠᠲᠠᠢ ᠳᠤ ᠰᠠᠭᠤᠷᠢᠯᠠᠵᠤ᠂  ᠬᠦᠷᠢᠶ᠎ᠡ ᠬᠠᠰᠢᠶ᠎ᠠ ᠪᠠᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠰᠢᠨ᠎ᠡ ᠠᠷᠭ᠎ᠠ ᠵᠠᠮ᠂ ᠰᠢᠨ᠎ᠡ ᠬᠢᠯᠠᠰ ᠴᠡᠭ ᠪᠣᠯᠭᠠᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠳᠤ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠪᠡ᠃                                      ᠨᠠᠶᠢᠷᠠᠭᠤᠯᠤᠭᠴᠢ᠄   ᠶᠠᠩ  ᠿᠦᠢ ᠵᠧᠨ                                      ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2