ᠯᠢᠶᠠᠩᠴᠧᠩ ᠰᠢᠶᠠᠨ᠄ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠡᠯᠪᠡᠭ ᠬᠤᠷᠢᠶᠠᠯᠲᠠ ᠣᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠰᠡᠳᠬᠢᠯ ᠢ ᠪᠠᠶᠠᠰᠬᠠᠨ᠎ᠠ
ᠨᠡᠶᠢᠲᠡᠯᠡᠭᠰᠡᠨ ᠴᠠᠭ᠄
2023/8/24
   ᠵᠤᠨ ᠤ ᠤᠯᠠᠷᠢᠯ ᠳᠤ᠂ ᠯᠢᠶᠠᠩᠴᠧᠩ ᠰᠢᠶᠠᠨ ᠤ ᠡᠯ᠎ᠡ ᠰᠢᠶᠠᠩ ᠪᠠᠯᠭᠠᠰᠤᠨ ᠤ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠲᠡᠭᠦᠵᠦ ᠬᠤᠷᠢᠶᠠᠬᠤ ᠤᠯᠠᠷᠢᠯ ᠡᠬᠢᠯᠡᠵᠦ᠂ ᠲᠣᠰᠬᠤᠨ ᠤ ᠠᠷᠠᠳ ᠲᠤᠩᠭᠠᠯᠠᠭ ᠰᠠᠶᠢᠬᠠᠨ ᠡᠳᠦᠷ ᠢ ᠠᠮᠵᠢᠵᠤ᠂ ᠱᠠᠯᠠᠪᠳᠠᠨ ᠬᠤᠷᠢᠶᠠᠨ ᠬᠤᠳᠠᠯᠳᠤᠵᠤ᠂  ᠡᠯᠪᠡᠭ ᠬᠤᠷᠢᠶᠠᠯᠲᠠ ᠲᠠᠢ ᠪᠣᠯᠵᠠᠢ᠃    ᠯᠢᠶᠠᠩᠴᠧᠩ ᠰᠢᠶᠠᠨ ᠤ ᠲᠠᠭ᠎ᠠ ᠶᠢᠨ ᠨᠠᠭᠤᠷ ᠪᠠᠯᠭᠠᠰᠤᠨ ᠤ ᠶᠤᠸᠠᠨ ᠱᠠᠨ ᠽᠢ ᠲᠣᠰᠬᠤᠨ ᠤ ᠲᠠᠷᠢᠶᠠᠨ ᠭᠠᠵᠠᠷ ᠲᠤ ᠬᠦᠷᠬᠦ ᠳᠤ᠂ ᠡᠷᠳᠡᠨᠢ ᠰᠢᠰᠢ ᠬᠠᠳᠤᠵᠤ ᠬᠤᠷᠢᠶᠠᠬᠤ ᠬᠦᠷ ᠬᠥᠭᠵᠢᠶᠡᠨ ᠲᠠᠢ ᠪᠠᠶᠢᠳᠠᠯ ᠭᠠᠵᠠᠷ ᠪᠣᠯᠭᠠᠨ ᠳᠤ ᠬᠠᠷᠠᠭᠳᠠᠨ᠎ᠠ᠃ ᠠᠯᠤᠰ ᠢ ᠪᠠᠷᠠᠯᠠᠬᠤᠶ᠎ᠠ᠂ ᠨᠢᠭᠡ ᠰᠠᠭᠤᠷᠢ ᠡᠷᠳᠡᠨᠢ ᠰᠢᠰᠢ ᠲᠡᠷᠢ ᠲᠡᠭᠰᠢ ᠰᠦᠨᠳᠡᠷᠯᠡᠵᠦ᠂ ᠨᠢᠭᠡ ᠨᠢᠭᠡ ᠪᠠᠷ ᠡᠷᠳᠡᠨᠢ ᠰᠢᠰᠢ ᠵᠢᠮᠢᠰ ᠤᠨ ᠲᠦᠷᠦᠭᠦᠦ ᠳᠦᠭᠦᠷᠴᠦ᠂ ᠲᠣᠰᠬᠤᠨ ᠤ ᠠᠷᠠᠳ ᠨᠠᠰᠢ ᠴᠠᠰᠢ ᠰᠦᠯᠵᠢᠯᠳᠦᠨ ᠶᠠᠪᠤᠵᠤ᠂ ᠲᠡᠭᠦᠬᠦ᠂ ᠵᠥᠭᠡᠭᠡᠪᠦᠷᠢᠯᠡᠬᠦ᠂ ᠲᠡᠷᠭᠡᠨ ᠳᠤ ᠲᠡᠭᠡᠭᠡᠬᠦ ᠁ ᠲᠤᠬᠠᠢ ᠶᠢᠨ ᠲᠠᠯᠠᠪᠠᠢ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃    ᠲᠠᠭ᠎ᠠ ᠶᠢᠨ ᠨᠠᠭᠤᠷ ᠪᠠᠯᠭᠠᠰᠤᠨ ᠤ ᠲᠠᠷᠢᠮᠠᠯ ᠤᠨ ᠡᠷᠦᠭᠡ ᠭᠦᠸᠧ ᠬᠠᠢ ᠵᠢᠶᠦ᠋ᠨ᠄ ᠡᠨᠡ ᠵᠢᠯ ᠨᠡᠶᠢᠳᠡ 400 ᠭᠠᠷᠤᠢ ᠮᠦ ᠵᠢᠮᠢᠰ ᠡᠷᠳᠡᠨᠢ ᠰᠢᠰᠢ ᠲᠠᠷᠢᠵᠦ᠂ ᠮᠦ ᠪᠦᠷᠢ ᠳᠤ 1.2 ᠲᠣᠨ ᠣᠷᠴᠢᠮ ᠭᠠᠷᠤᠯᠲᠠ ᠲᠠᠢ ᠪᠣᠯᠵᠠᠢ᠃ ᠤᠳᠤ ᠡᠷᠳᠡᠨᠢ ᠰᠢᠰᠢ ᠨᠢᠭᠡᠨᠲᠡ ᠶᠡᠭᠡ ᠬᠡᠪᠴᠢᠶ᠎ᠡ ᠪᠠᠷ ᠪᠣᠯᠪᠠᠰᠤᠷᠠᠵᠤ᠂ ᠡᠳᠦᠷ ᠪᠦᠷᠢ 120 ᠭᠠᠷᠤᠢ ᠲᠣᠰᠬᠤᠨ ᠤ ᠠᠷᠠᠳ ᠢ ᠬᠥᠯᠥᠰᠥᠯᠡᠨ ᠲᠡᠭᠦᠵᠦ᠂ ᠲᠠᠷᠢᠶᠠᠨ ᠳᠤ ᠲᠡᠭᠡᠭᠡᠵᠦ ᠲᠡᠷᠭᠡᠨ ᠳᠤ ᠰᠠᠭᠤᠯᠭᠠᠭᠰᠠᠨ ᠤ ᠲᠠᠷᠠᠭ᠎ᠠ ᠪᠦᠬᠦᠨ ᠢ ᠾᠧᠪᠸᠢ ᠮᠤᠵᠢ ᠶᠢᠨ ᠲᠠᠩᠱᠠᠨ᠂ ᠴᠢᠨ ᠬᠤᠸᠠᠩ ᠳ᠋ᠤᠤ᠂ ᠱᠠᠨᠳᠦ᠋ᠩ ᠵᠡᠷᠭᠡ ᠭᠠᠵᠠᠷ ᠲᠤ ᠶᠠᠪᠤᠭᠤᠯᠵᠠᠢ᠃    ᠠᠵᠤ ᠦᠢᠯᠡᠰ ᠵᠥᠪ ᠵᠠᠮ ᠢᠶᠠᠷ ᠵᠠᠮᠨᠠᠪᠠᠯ ᠨᠤᠲᠤᠭ ᠤᠨ ᠠᠬ᠎ᠠ ᠳᠡᠭᠦᠦ ᠨᠡᠷ ᠰᠠᠶ᠋ᠢ ᠪᠠᠶᠠᠵᠢᠵᠤ ᠴᠢᠳᠠᠨ᠎ᠠ᠃ ᠤᠨᠴᠠᠯᠢᠭᠳᠤ ᠠᠵᠤ ᠦᠢᠯᠡᠰ ᠤᠨ ᠬᠥᠭᠵᠢᠯᠲᠡ ᠨᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠪᠦᠲᠦᠮᠵᠢᠲᠡᠶ ᠪᠠᠷ ᠤᠷᠲᠤᠳᠬᠠᠨ ᠥᠷᠭᠡᠳᠬᠡᠪᠡ᠃ ᠰᠢᠬᠢᠷᠯᠢᠭ ᠡᠷᠳᠡᠨᠢ ᠰᠢᠰᠢ ᠳᠠᠷᠢᠬᠤ ᠨᠢ ᠲᠠᠷᠢᠮᠠᠯ ᠤᠨ ᠡᠷᠦᠬᠡ ᠳᠤ ᠠᠰᠢᠭ ᠬᠦᠷᠲᠡᠭᠡᠬᠦ ᠪᠠᠷ ᠪᠠᠷᠠᠬᠤ ᠥᠬᠡᠶ᠂ ᠡᠷᠬᠢᠨ ᠲᠣᠭᠤᠷᠢᠨ ᠤ ᠣᠯᠠᠨ ᠲᠦᠮᠡᠨ ᠳᠤ ᠴᠦ ᠠᠰᠢᠭ ᠬᠦᠷᠲᠡᠭᠡᠨ᠎ᠡ᠃    ᠲᠠᠷᠢᠶᠠᠨ ᠳᠠᠭᠠᠨ ᠬᠥᠯᠥᠰᠥᠨ ᠠᠵᠢᠯ ᠬᠢᠵᠦ ᠪᠠᠶᠢᠭ᠎ᠠ ᠲᠠᠭ᠎ᠠ ᠶᠢᠨ ᠨᠠᠭᠤᠷ ᠪᠠᠯᠭᠠᠰᠤᠨ ᠤ ᠠᠷᠠᠳ ᠭᠤᠤ ᠵᠢᠶᠦ᠋ᠨ ᠶᠢᠩ᠄ ᠤᠳᠤ ᠡᠷᠳᠡᠨᠢ ᠰᠢᠰᠢ ᠪᠦᠷ ᠪᠣᠯᠪᠠᠰᠤᠷᠠᠴᠢᠬᠠᠵᠠᠢ᠂ ᠪᠢ ᠠᠳᠡ ᠲᠦᠷᠪᠡ ᠲᠠᠪᠤᠨ ᠡᠳᠦᠷ ᠬᠥᠯᠥᠰᠥᠨ ᠠᠵᠢᠯ ᠬᠢᠵᠦ ᠪᠠᠶᠢᠨ᠎ᠠ᠂ ᠡᠳᠦᠷ ᠤᠨ ᠴᠠᠯᠢᠩ 160 ᠲᠥᠭᠦᠷᠢᠭ᠂ ᠴᠠᠯᠢᠩ ᠪᠠᠰᠠ ᠨᠡᠯᠢᠶᠡᠳ ᠥᠨᠳᠥᠷ ᠪᠠᠶᠢᠨ᠎ᠠ ᠭᠡᠵᠦ ᠬᠡᠯᠡᠨ᠎ᠡ    ᠰᠢᠨ᠎ᠡ ᠰᠣᠷᠭᠤᠭ ᠢᠳᠡᠰᠢᠲᠦ ᠡᠷᠳᠡᠨᠢ ᠰᠢᠰᠢ ᠶᠢ ᠪᠠᠰᠠ ᠵᠢᠮᠢᠰ ᠤᠨ ᠡᠷᠳᠡᠨᠢ ᠰᠢᠰᠢ ᠭᠡᠳᠡᠭ᠂ ᠮᠥᠬᠦᠯᠢᠭ ᠳᠣᠲᠣᠷ᠎ᠠ ᠨᠢ ᠣᠯᠠᠨ ᠵᠦᠢᠯ ᠤᠨ ᠸᠢᠲ᠋ᠠᠮᠢᠨ ᠤ ᠲᠥᠷᠥᠯ ᠤᠨ ᠪᠣᠳᠠᠰ ᠪᠠ ᠬᠥᠮᠦᠨ ᠤ ᠪᠡᠶ᠎ᠡ ᠳᠤ ᠬᠡᠷᠡᠭᠴᠡᠭᠡ ᠲᠠᠢ 8 ᠵᠦᠢᠯ ᠤᠨ ᠰᠢᠪᠲᠦᠷᠲᠦ ᠬᠦᠴᠢᠯ ᠠᠭᠤᠯᠵᠤ ᠪᠠᠶᠢᠳᠠᠭ᠂ ᠰᠢᠮ᠎ᠡ ᠲᠡᠵᠢᠭᠡᠯ ᠡᠯᠪᠡᠭ᠂ ᠠᠮᠲᠠ ᠰᠢᠮᠲᠡ ᠨᠢ ᠠᠮᠲᠠᠲᠠᠶ ᠮᠥᠷᠲᠡᠭᠡᠨ ᠰᠢᠨ᠎ᠡ ᠰᠣᠷᠭᠤᠭ ᠤᠴᠢᠷ ᠠᠴᠠ ︽ᠵᠢᠮᠢᠰ ᠤᠨ ᠸᠠᠩ︾ ᠭᠡᠰᠡᠨ ᠰᠠᠶᠢᠬᠠᠨ ᠨᠡᠷ᠎ᠡ ᠲᠠᠢ᠂ ᠵᠠᠬ᠎ᠠ ᠳᠡᠯᠭᠡᠭᠦᠷ ᠤᠨ ᠢᠷᠡᠭᠡᠳᠦᠶ ᠨᠢ ᠨᠡᠯᠢᠶᠡᠳ ᠰᠠᠶᠢᠨ ᠪᠠᠶᠢᠳᠠᠭ᠃ ᠡᠨᠡ ᠵᠢᠯ᠂ ᠯᠢᠶᠠᠩᠴᠧᠩ ᠰᠢᠶᠠᠨ ᠤ ᠰᠢᠬᠢᠷᠯᠢᠭ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠨᠢ ᠭᠤᠣᠯᠳᠠᠭᠤ ᠮᠠᠶᠢᠬᠤᠲᠤ ᠪᠠᠯᠭᠠᠰᠤ᠂  ᠲᠠᠭ᠎ᠠ ᠶᠢᠨ ᠨᠠᠭᠤᠷ ᠪᠠᠯᠭᠠᠰᠤ᠂ ᠶᠦᠩᠰᠢᠩ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ ᠪᠣᠯᠤᠨ ᠮᠠᠩᠬᠠᠨ ᠪᠠᠯᠭᠠᠰᠤᠨ ᠳᠤ ᠲᠠᠷᠬᠠᠵᠤ᠂ ᠲᠠᠷᠢᠮᠠᠯ ᠤᠨ ᠲᠠᠯᠠᠪᠠᠢ ᠨᠢ 2 ᠲᠦᠮᠡ ᠭᠠᠷᠤᠢ ᠮᠦ ᠳᠤ ᠬᠦᠷᠴᠦ᠂ ᠮᠦ ᠪᠦᠷᠢ ᠶᠢᠨ ᠤᠨᠠᠯᠲᠠ ᠨᠢ 1.5 ᠲᠣᠨ ᠣᠷᠴᠢᠮ ᠳᠤ ᠬᠦᠷᠴᠦ᠂ ᠨᠢᠭᠡ ᠮᠦ ᠪᠦᠷᠢ ᠶᠢᠨ ᠣᠷᠣᠯᠭ᠎ᠠ ᠨᠢ 1500 ᠭᠠᠷᠤᠢ ᠲᠥᠭᠦᠷᠢᠭ ᠲᠤ ᠬᠦᠷᠴᠡᠢ᠃ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠨᠢ ᠨᠢᠭᠡᠨᠲᠡ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠠᠮᠲᠠᠲᠤ ᠠᠵᠤ ᠦᠢᠯᠡᠰ ᠪᠣᠯᠤᠭᠰᠠᠨ ᠪᠠᠶᠢᠨ᠎ᠠ᠃                                        ᠨᠠᠶᠢᠷᠠᠭᠤᠯᠤᠭᠴᠢ᠄  ᠯᠢ ᠬᠤᠩ ᠢᠦᠢ                                          ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2