ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/24
   8 ᠰᠠᠷ᠎ᠠ ᠶᠢᠨ 22 ᠤᠨ ᠡᠳᠦᠷ᠂ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ 2022 ᠣᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ‍ᠤ‌‍ᠲ᠋ᠡᠳ᠋ ᠱᠦᠵᠢ᠂ ᠰᠢᠶᠠᠨ ᠤ ᠳᠠᠷᠤᠭ᠎ᠠ ᠵᠧᠩ ᠲᠦᠩ ᠫᠢᠩ ᠬᠤᠷᠠᠯ ᠡᠷᠭᠢᠯᠡᠵᠦ᠂ ᠰᠢᠶᠠᠨ ᠤ ᠳᠦᠷᠪᠠ ᠶᠡᠭᠡ ᠪᠠᠭ ᠤᠨ ᠤᠳᠤᠷᠢᠳᠬᠤ ᠪᠠᠭ ᠣᠷᠣᠯᠴᠠᠪᠠ᠃    ᠯᠢᠦ ᠶᠢᠨ ᠲᠤᠤ  ᠢᠯᠡᠳᠭᠡᠭᠰᠡᠨ ᠨᠢ    ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠬᠡᠪ ᠤᠨ ᠡᠭᠦᠳᠦᠨ ᠪᠠᠶᠢᠭᠤᠯᠬᠤ ᠤᠢᠢᠯᠠᠭᠠᠭᠳᠠᠬᠤᠨ ᠢ ᠪᠤᠢ ᠪᠣᠯᠭᠠᠵᠤ᠂ ᠡᠭᠦᠳᠦᠨ ᠪᠠᠶᠢᠭᠤᠯᠬᠤ ᠠᠵᠢᠯ ᠢ ᠢᠮᠠᠭᠲᠠ ᠰᠡᠳᠬᠢᠯ ᠳᠡᠭᠡᠨ ᠴᠡᠭᠡᠵᠢᠯᠡᠵᠦ᠂ ᠮᠥᠷᠥᠨ ᠳᠡᠭᠡᠷ᠎ᠡ ᠪᠠᠨ ᠪᠠᠲᠤ ᠡᠭᠦᠷᠭᠡᠯᠡᠵᠦ᠂ ᠪᠦᠬᠦ ᠲᠠᠯ᠎ᠠ ᠪᠠᠷ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠳᠣᠲᠣᠷ᠎ᠠ ᠪᠠᠨ ᠲᠤᠭ᠎ᠠ ᠲᠠᠢ ᠪᠠᠶᠢᠵᠤ᠂ ᠪᠠᠷᠢᠮᠵᠢᠶ᠎ᠠ ᠪᠠ ᠴᠠᠭ ᠤᠨ ᠬᠢᠵᠠᠭᠠᠷ ᠢ ᠡᠮᠦᠨ᠎ᠡ ᠨᠢ ᠲᠠᠯᠪᠢᠵᠤ᠂ ᠡᠭᠦᠷᠭᠡ ᠪᠠ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠳᠤᠲᠠᠭᠤᠳᠠᠯ ᠪᠠ ᠪᠠᠭᠤᠷᠠᠢ ᠲᠠᠯ᠎ᠠ ᠪᠠᠨ ᠨᠥᠬᠦᠪᠥᠷᠢᠯᠡᠬᠦ ᠬᠡᠷᠡᠭᠲᠡᠢ᠃ ᠠᠵᠢᠯ ᠤᠨ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠨ ᠤ ᠰᠢᠶᠠᠨ ᠤ ᠨᠥᠯᠥᠭᠡᠯᠡᠬᠦ ᠬᠦᠴᠦᠨ ᠪᠣᠯᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ‍ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠣᠯᠭᠠᠨ ᠠᠳᠬᠤᠵᠤ᠂ ᠰᠠᠭᠤᠷᠢ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠩ ᠲᠠᠭᠠᠯᠠᠮᠵᠢᠲᠠᠢ ᠠᠵᠢᠯ ᠠᠮᠢᠳᠤᠷᠠᠯ ᠤᠨ ᠣᠷᠴᠢᠨ ᠲᠣᠭᠤᠷᠢᠨ ᠢ ᠡᠭᠦᠳᠬᠦ ᠬᠡᠷᠡᠭᠲᠡᠢ  ᠭᠡᠪᠡ᠃    ᠯᠢᠦ ᠶᠢᠨ ᠲᠤᠤ ᠴᠢᠬᠤᠯᠠᠴᠢᠯᠠᠭᠰᠠᠨ ᠨᠢ    ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠳᠦᠨ ᠪᠠᠶᠢᠭᠤᠯᠬᠤ ᠲᠦᠪᠰᠢᠨ ᠢᠶᠠᠨ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠭᠤᠣᠯ ᠪᠠ ᠳᠡᠳ᠋ ᠭᠤᠣᠯ ᠵᠠᠮ᠂ ᠠᠷᠤ ᠭᠤᠳᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠠᠯᠠᠪᠠᠢ ᠶᠢᠨ ᠴᠡᠴᠡᠷᠯᠢᠭ ᠵᠡᠷᠭᠡ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠰᠠᠶᠢᠲᠤᠷ ᠬᠢᠵᠦ᠂ ᠵᠢᠵᠢᠭ ᠵᠠᠷ ᠮᠡᠳᠡᠭᠡ᠂ ᠳᠤᠷ᠎ᠠ ᠪᠠᠷ ᠢᠶᠠᠨ ᠡᠷᠢᠶᠡᠴᠢᠵᠦ ᠡᠷᠢᠶᠡᠴᠢᠬᠦ ᠵᠡᠷᠭᠡ ᠦᠵᠡᠭᠳᠡᠯ ᠢ ᠶᠡᠬᠡᠪᠡᠷ ᠠᠷᠢᠯᠭᠠᠵᠤ᠂ ᠬᠤᠳᠠ ᠶᠢᠨ ︽ᠦᠬᠡᠷ ᠢᠯᠢᠳᠦ︾ ᠶᠢ ᠲᠦᠢᠯᠪᠤᠷᠢᠲᠠᠢ ᠴᠡᠭᠴᠡᠯᠡᠨ ᠵᠠᠰᠠᠬᠤ ᠬᠡᠷᠡᠭᠲᠡᠢ᠃ ᠠᠭᠤᠳᠠᠮ ᠲᠠᠯᠠᠪᠠᠢ ᠶᠢᠨ ᠴᠡᠴᠡᠷᠯᠢᠭ ᠵᠡᠷᠭᠡ ᠤᠯᠠᠨ ᠨᠡᠶᠢᠲᠡ ᠶᠢᠨ ᠲᠠᠯᠠᠪᠤᠷ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠵᠦ᠂ ᠰᠠᠶᠢᠲᠤᠷ ᠬᠡᠷᠡᠭᠯᠡᠵᠦ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ︽ᠶᠠᠪᠤᠬᠤ︾ ᠡᠮᠬᠢ ᠳᠢᠭᠯᠢᠮ᠂ ︽ᠵᠣᠭᠰᠣᠬᠤ︾ ᠡᠮᠬᠢ ᠳᠢᠭᠯᠢᠮ ᠪᠠ ︽ᠲᠡᠷᠭᠡ︾ ᠶᠢᠨ ᠡᠮᠬᠢ ᠳᠢᠭᠯᠢᠮ ᠢ ᠰᠠᠶᠢᠲᠤᠷ ᠠᠳᠬᠤᠬᠤ ᠬᠡᠷᠡᠭᠲᠡᠶ᠃ ᠨᠡᠶᠢᠭᠡᠮ ᠲᠣᠭᠤᠷᠢᠭ ᠤᠨ ᠵᠢᠵᠢᠭ ᠲᠣᠭᠤᠷᠢᠭ ᠤᠨ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠵᠢᠵᠢᠭ ᠲᠣᠭᠤᠷᠢᠭ ᠤᠨ ᠠᠳᠠᠯ ᠠᠬᠤᠢ ᠲᠡᠭᠦᠯᠳᠡᠷᠵᠢᠭᠡᠳᠦᠢ᠂ ᠰᠠᠭᠤᠷᠢ ᠲᠥᠬᠦᠭᠡᠷᠦᠮᠵᠢ ᠲᠡᠭᠦᠯᠳᠡᠷᠵᠢᠭᠡᠳᠦᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠨᠠᠢ᠂ ᠲᠡᠷᠭᠡ ᠵᠣᠭᠰᠣᠬᠤ ᠨᠢ ᠵᠢᠷᠤᠮᠵᠢᠯ ᠦᠭᠡᠢ᠂ ᠠᠰᠠᠷ ᠤᠨ ᠡᠭᠦᠳᠡ ᠲᠦᠭᠵᠢᠷᠡᠬᠦ ᠵᠡᠷᠭᠡ ᠠᠰᠠᠭᠤᠳᠠᠯ ᠤᠨ ᠲᠣᠭᠤᠷᠢᠨ ᠳᠤ᠂ ᠵᠢᠵᠢᠭ ᠲᠣᠭᠤᠷᠢᠭ ᠤᠨ ᠵᠠᠰᠠᠯᠲᠠ ᠶᠢᠨ ᠲᠥᠰᠦᠯ ᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠲᠦᠢᠯᠪᠤᠷᠢᠲᠠᠢ ᠰᠠᠶᠢᠵᠢᠷᠠᠭᠤᠯᠬᠤ ᠬᠡᠷᠡᠭᠲᠡᠢ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠥᠷᠨᠢᠭᠦᠯᠬᠦ ᠬᠡᠷᠡᠭᠲᠡᠢ᠃    ᠯᠢᠦ ᠶᠢᠨ ᠲᠤᠤ  ᠱᠠᠭᠠᠷᠳᠠᠭᠰᠠᠨ ᠨᠢ    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠪᠠᠳᠠᠷᠠᠭᠤᠯᠵᠤ᠂ ᠵᠢᠯᠣᠭᠤᠳᠤᠨ ᠲᠤᠬᠢᠷᠠᠭᠤᠯᠬᠤ ᠶᠢ ᠴᠢᠩᠭᠠᠳᠬᠠᠵᠤ᠂ ᠶᠡᠷᠦᠩᠬᠡᠶᠢᠯᠡᠨ ᠵᠣᠬᠢᠴᠠᠭᠤᠯᠬᠤ ᠶᠢ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠴᠤᠭᠭᠠᠷ ᠤᠷᠤᠭᠰᠢᠯᠠᠵᠤ᠂ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠬᠤ ᠬᠡᠷᠡᠭᠲᠡᠢ᠃ ᠤᠬᠠᠭᠤᠯᠤᠨ ᠳᠠᠶᠢᠴᠢᠯᠠᠬᠤ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠡᠯ᠎ᠡ ᠠᠵᠢᠯ ᠲᠥᠷᠥᠯ ᠡᠯ᠎ᠡ ᠰᠢᠰᠲ᠋ᠧᠮ ᠤᠨ ᠣᠯᠠᠨ ᠬᠡᠯᠪᠡᠷᠢ ᠶᠢᠨ᠂ ᠪᠣᠰᠤᠭ᠎ᠠ ᠴᠣᠭᠴᠠᠲᠤ᠂ ᠥᠨᠳᠥᠷ ᠨᠢᠭᠲᠠᠴᠠ ᠲᠠᠢ ᠬᠦᠴᠦᠷᠬᠡᠭ ᠤᠬᠠᠭᠤᠯᠭ᠎ᠠ ᠪᠠᠷ ᠳᠠᠮᠵᠢᠭᠤᠯᠤᠨ᠂ ︽ᠬᠥᠮᠦᠨ ᠪᠣᠯᠭᠠᠨ ᠬᠤᠲᠠ ᠶᠢᠨ ᠡᠵᠡᠨ ᠪᠣᠯᠬᠤ ᠪᠠᠷ ᠴᠢᠷᠮᠠᠶᠢᠵᠤ᠂ ᠨᠢᠭᠡ ᠨᠢᠭᠡ ᠪᠠᠷ ᠢᠶᠠᠨ ᠬᠤᠲᠠ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ︾ ᠰᠠᠶᠢᠨ ᠰᠠᠶᠢᠬᠠᠨ ᠠᠭᠤᠷ ᠠᠮᠢᠰᠬᠤᠯ ᠪᠣᠯᠤᠨ ᠠᠮᠢᠳᠤᠯᠢᠭ ᠪᠠᠶᠢᠳᠠᠯ ᠢ ᠶᠡᠬᠡᠪᠡᠷ ᠪᠣᠶ ᠪᠣᠯᠭᠠᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠬᠤ ᠪᠠᠨ ᠴᠢᠩᠭᠠᠳᠬᠠᠵᠤ᠂ ᠰᠢᠯᠭᠠᠨ ᠦᠨᠡᠯᠡᠬᠦ  ᠰᠢᠰᠲ᠋ᠧᠮ ᠤᠨ ᠪᠠᠷᠢᠮᠵᠢᠶ᠎ᠠ ᠱᠠᠭᠠᠷᠳᠠᠯᠭ᠎ᠠ ᠶᠢ ᠴᠢᠩᠭ᠎ᠠ ᠬᠠᠷᠢᠴᠠᠭᠤᠯᠵᠤ᠂ ᠣᠨᠴᠠᠭᠠᠶᠢᠯᠠᠨ ᠬᠤᠳᠠ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠳᠤ ᠴᠢᠭᠯᠡᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ᠂ ᠬᠤᠳᠠ ᠪᠠᠶᠢᠭᠤᠯᠬᠤ ᠠᠵᠢᠯ ᠤᠨ ᠳᠤᠮᠳᠠᠬᠢ ᠳᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠤᠳᠠ ᠪᠠᠶᠢᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠪᠠᠷ ᠰᠡᠷᠢᠭᠦᠨ ᠬᠤᠳᠠ ᠶᠢᠨ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ  ᠭᠡᠪᠡ᠃                             ᠨᠠᠶᠢᠷᠠᠭᠤᠯᠤᠭᠴᠢ᠄  ᠯᠢ ᠬᠤᠩ ᠢᠦᠢ                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2