ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ | ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2023 | ᠣᠨ ᠤ 4 ᠰᠠᠷ᠎ᠠ ᠶᠢᠨ 20 ᠤ ᠡᠳᠦᠷ ᠠᠴᠠ 7 ᠰᠠᠷ᠎ᠠ ᠶᠢᠨ ᠰᠢᠶᠠᠨ ᠤ ᠨᠠᠮ ᠤᠨᠬᠤᠷᠢᠶ᠎ᠠ ᠠᠴᠠ ᠭᠤᠷᠪᠠᠨ ᠲᠣᠭᠤᠷᠢᠨ | ᠪᠠᠶᠢᠴᠠᠭᠠᠬᠤ ᠳᠤᠭᠤᠶᠢᠯᠠᠩ ᠲᠣᠮᠢᠯᠠᠵᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ᠂ ᠤᠰᠤᠨ | ᠠᠰᠢᠭᠯᠠᠯᠲᠠ ᠵᠢᠨᠲ᠋ᠤᠪᠴᠢᠶ᠎ᠠ᠂᠂ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨᠲ᠋ᠤᠪᠴᠢᠶ᠎ᠠ᠂᠂ | ᠡᠳ᠋ ᠤᠨ ᠵᠠᠰᠠᠭ ᠤᠨᠲ᠋ᠤᠪᠴᠢᠶ᠎ᠠ᠂᠂ ᠤᠯᠠᠭᠠᠨᠴᠠᠪ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠠ᠂ ᠶᠢᠨ | ᠯᠢᠶᠠᠩᠴᠧᠩ ᠰᠢᠶᠠᠨ ᠤ ᠬᠤᠪᠢᠶᠠᠷᠢ ᠲᠤᠪᠴᠢᠶ᠎ᠠ᠂᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠵᠡᠷᠭᠡ 8 | ᠨᠢᠭᠡᠴᠡ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠪᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ | ᠲᠤᠬᠠᠢ ᠲᠤᠰᠬᠠᠢ ᠲᠣᠭᠤᠷᠢᠨ ᠪᠠᠶᠢᠴᠠᠭᠠᠯᠲᠠ ᠥᠷᠨᠢᠭᠦᠯᠵᠡᠢ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠢᠶᠡᠨ ᠳᠠᠬᠢ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠭᠰᠡᠨ | ᠲᠣᠭᠤᠷᠢᠨ ᠪᠠᠶᠢᠴᠠᠭᠠᠯᠲᠠ ᠥᠷᠨᠢᠭᠦᠯᠵᠦ᠂ ᠵᠢᠷᠭᠤᠳᠤᠭᠠᠷ ᠰᠤᠮᠤᠨ ᠤ ᠵᠠᠰᠠᠭ ᠵᠠᠬᠢᠷᠭᠠᠨ ᠤ ᠲᠣᠰᠬᠤᠨ᠂ ᠵᠢᠦ ᠬᠥ᠋ | ᠴᠢᠤᠸᠠᠨ ᠵᠠᠰᠠᠭ ᠵᠠᠬᠢᠷᠭᠠᠨ ᠤ ᠲᠣᠰᠬᠤᠨ᠂ ᠴᠢᠶᠠᠨ ᠳ᠋ᠧ ᠱᠧᠩ ᠵᠠᠰᠠᠭ ᠵᠠᠬᠢᠷᠭᠠᠨ ᠤ ᠲᠣᠰᠬᠤᠨ ᠳᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠲᠥᠷᠥᠯ ᠤᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ | 8 ᠰᠠᠷ᠎ᠠ ᠶᠢᠨ 17 ᠤ ᠡᠳᠦᠷ ᠠᠴᠠ 21 ᠤ ᠡᠳᠦᠷ ᠪᠣᠯᠲᠠᠯ᠎ᠠ᠂ ᠠᠷᠪᠠᠨ ᠲᠠᠪᠤᠳᠤᠭᠠᠷ ᠬᠤᠭᠤᠴᠠᠭᠠᠨ ᠤ | ᠯᠢᠶᠠᠩᠴᠤᠩ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠬᠠᠷᠢᠭᠤ | ᠲᠤᠰᠬᠠᠬᠤ ᠠᠵᠢᠯ ᠢ ᠴᠦᠮ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ | ᠳᠡᠭᠡᠷ᠎ᠡ ᠳᠤᠷᠠᠳᠤᠭᠰᠠᠨ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ | ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠲᠣᠰᠪᠣᠷᠢ ᠬᠠᠷᠢᠭᠤ ᠲᠤᠰᠬᠠᠵᠤ᠂ ᠰᠢᠶᠠᠨ ᠤ ᠨᠠᠮ ᠤᠨ ᠬᠤᠷᠢᠶᠠᠨ ᠤ | ᠱᠦᠵᠢ ᠯᠢᠦ ᠶᠢᠨ ᠲᠤᠤ ᠶᠢᠨ ᠲᠤᠰ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃ ᠬᠠᠷᠢᠭᠤ ᠲᠤᠰᠬᠠᠬᠤ ᠳᠠᠭᠠᠨ ᠴᠢᠬᠤᠯᠠᠴᠢᠯᠠᠭᠰᠠᠨ ᠨᠢ | ᠂ ᠴᠠᠭᠳᠠᠨ ᠪᠠᠶᠢᠴᠠᠭᠠᠬᠤ ᠶᠢ ᠬᠦᠯᠢᠶᠡᠭᠰᠡᠨ ᠨᠢᠭᠡᠴᠡ ᠨᠢ ᠴᠠᠭᠳᠠᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ | ᠠᠰᠠᠭᠤᠳᠠᠯ ᠳᠤ ᠴᠢᠩᠭ᠎ᠠ ᠬᠢᠨᠠᠮᠠᠭᠠᠶ ᠬᠠᠨᠳᠤᠵᠤ᠂ ᠱᠠᠯᠠᠪᠳᠠᠨ ᠥᠭᠡᠷᠡᠴᠢᠯᠡᠵᠦ᠂ ᠪᠣᠳᠠᠲᠠᠶ ᠭᠠᠵᠠᠷ ᠲᠤᠨᠢ ᠬᠦᠷᠲᠡᠯ᠎ᠡ | ᠥᠭᠡᠷᠡᠴᠢᠯᠡᠵᠦ᠂ ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠤᠯᠬᠤ ᠬᠡᠷᠡᠭᠲᠡᠶ᠃ ᠬᠢᠨᠠᠯᠲᠠ ᠶᠢ ᠵᠥᠪ ᠢᠶᠠᠷ ᠲᠠᠨᠢᠵᠤ᠂ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠠᠪᠤᠴᠠ ᠶᠢ ᠠᠰᠠᠭᠤᠳᠠᠯ ᠢ | ᠰᠢᠢᠳᠪᠦᠷᠢᠯᠡᠬᠦ ᠭᠡᠮ ᠰᠣᠭᠤᠭ ᠢ ᠰᠢᠢᠳᠪᠦᠷᠢᠯᠡᠬᠦ᠂ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠠᠬᠢᠭᠤᠯᠬᠤ ᠶᠠᠪᠤᠴᠠ | ᠪᠣᠯᠭᠠᠵᠤ᠂ ᠲᠣᠭᠤᠷᠢᠨ ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ | ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠵᠠᠰᠠᠬᠤ ᠶᠢ ᠠᠬᠢᠭᠤᠯᠬᠤ ᠰᠠᠶᠢᠨ | ᠦᠢᠯᠡᠳᠦᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠬᠠᠷᠰᠢ | ᠰᠠᠭᠠᠳ ᠲᠠᠢ ᠪᠥᠭᠡᠳ ᠤᠷᠳᠤ ᠬᠤᠭᠤᠴᠠᠭ᠎ᠠ ᠪᠠᠷ ᠶᠠᠪᠤᠭᠳᠠᠬᠤ ᠳᠤ ᠬᠦᠷᠪᠡᠯ ᠯᠠᠪᠲᠠᠢ ᠬᠦᠷᠴᠦ ᠢᠷᠡᠨ᠎ᠡ᠂ ᠡᠷᠴᠢ | ᠵᠣᠷᠢᠭ ᠲᠠᠢ ᠡᠷᠡᠯᠬᠡᠭᠯᠡᠨ ᠤᠷᠤᠭᠰᠢᠯᠠᠵᠤ᠂ ᠲᠣᠭᠤᠷᠢᠨ ᠪᠠᠶᠢᠴᠠᠭᠠᠬᠤ ︽ᠰᠡᠭᠦᠯᠴᠢ ᠶᠢᠨ ᠬᠠᠭᠠᠰ ᠵᠣᠬᠢᠶᠠᠯ︾ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠢᠯᠡᠷᠬᠡᠶᠢᠯᠡᠬᠦ ᠳᠡᠭᠡᠨ᠂ ᠴᠠᠭᠳᠠᠨ | ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠨᠠᠶᠢᠳᠠᠪᠤᠷᠢᠵᠢᠭᠤᠯᠵᠤ᠂ | ᠴᠡᠭᠴᠡᠯᠡᠨ ᠥᠭᠡᠷᠡᠴᠢᠯᠡᠬᠦ ᠲᠥᠰᠦᠯ ᠢ ᠶᠠᠷᠢᠯᠴᠠᠨ ᠲᠣᠭᠲᠠᠭᠠᠵᠤ᠂ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ | ᠡᠯ᠎ᠡ ᠵᠦᠶ᠋ᠯ ᠤᠨ ᠴᠡᠭᠴᠡᠯᠡᠨ ᠥᠭᠡᠷᠡᠴᠢᠯᠡᠬᠦ ᠡᠭᠦᠷᠭᠡ ᠪᠠᠨ ᠯᠠᠪᠳᠠᠭᠤᠨ ᠪᠠᠲᠤᠲᠠᠶ ᠪᠡᠶᠡᠯᠡᠭᠦᠯᠵᠦ᠂ ᠠᠵᠢᠯ ᠤᠨ | ᠰᠤᠷᠲᠠᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ | ᠥᠬᠡᠶ ᠴᠢᠩᠭᠠᠳᠬᠠᠨ᠂ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠤᠯᠬᠤ ᠶᠢ ᠦᠨᠡᠨ ᠬᠦ ᠪᠠᠲᠤᠯᠠᠨ᠎ᠠ ᠭᠡᠵᠡᠶ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ | | |