ᠮᠠᠨ ᠤ ᠰᠢᠶᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/28
   8 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠵᠢᠨ‌ᠵᠤᠶᠢᠯᠡᠰ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠡᠯ᠎ᠡ ᠨᠢᠭᠡᠴᠡ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠣᠯ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠵᠢᠯ ᠤᠨ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠯ᠎ᠡ ᠳᠦᠷᠦᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠵᠠᠪᠰᠠᠷ ᠦᠭᠡᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠪᠣᠳᠠᠲᠠᠢ ᠠᠴᠠ ᠡᠭᠦᠰᠦᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠠᠬᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠶᠢᠨ ︽ᠡᠪᠡᠷᠰᠢᠶᠡᠯ︾᠂ ︽ᠲᠦᠭᠵᠢᠷᠡᠯ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠳᠥᠭᠦᠮ ᠳᠥᠲᠡ ᠪᠠᠶᠢᠬᠤ ᠬᠡᠮᠵᠢᠶ᠎ᠡ ᠪᠠ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠡᠯ᠎ᠡ ᠭᠤᠭᠴᠤᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠭᠰᠠᠠ ᠪᠠ ᠠᠩᠬᠠᠷᠴᠤ ᠪᠠᠶᠢᠭ᠎ᠠ ᠲᠦᠪᠡᠭᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠵᠢᠷᠤᠮᠵᠢᠯᠲᠠ ᠶᠢ ᠠᠬᠢᠭᠤᠯᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ  ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ   ᠭᠡᠪᠡ᠃    ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠵᠠᠢ ᠵᠢᠢ ᠴᠢᠩ᠂ ᠪᠠᠢ ᠯᠢ ᠵᠢᠶᠦ᠋ᠨ ᠬᠤᠷᠠᠯ ᠳᠤ ᠣᠷᠣᠯᠴᠠᠪᠠ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2