ᠵᠧᠩ ᠳ᠋ᠦᠩ ᠫᠢᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/28
   8 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠬᠤᠩ ᠮᠤᠤ ᠪᠠᠯᠭᠠᠰᠤᠨ ᠤ ᠬᠤᠲᠠ ᠶᠢᠨ ᠲᠣᠭᠤᠷᠢᠭ ᠤᠨ ᠡᠮᠦᠨ᠎ᠡ ᠶᠡᠭᠡ ᠵᠡᠭᠡᠯᠢ ᠶᠢᠨ ᠨᠤᠷᠠᠭᠠᠵᠤ ᠨᠡᠭᠦᠯᠭᠡᠬᠦ ᠵᠠᠮ ᠢ ᠥᠷᠭᠡᠳᠬᠡᠬᠦ᠂ ᠠᠨ ᠺᠠᠩ ᠬᠡᠷ ᠣᠷᠣᠨ ︵ᠢᠵᠢ ᠪᠦᠷᠢᠨ ᠪᠤᠰᠤ︶ ᠬᠤᠲᠠ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠬᠠᠮᠢᠶ᠎ᠠ ᠪᠦᠬᠦᠢ ᠤᠴᠢᠷ ᠶᠠᠪᠤᠳᠠᠯ ᠪᠣᠯᠤᠨ 2023 — 2024 ᠢᠯᠴᠢ ᠬᠠᠩᠭᠠᠬᠤ ᠤᠯᠠᠷᠢᠯ ᠤᠨ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠠᠢ᠃    ᠬᠤᠷᠠᠯ ᠠᠴᠠ ᠬᠤᠲᠠ ᠶᠢᠨ ᠲᠣᠭᠤᠷᠢᠭ ᠤᠨ ᠡᠮᠦᠨ᠎ᠡ ᠶᠡᠭᠡ ᠵᠡᠭᠡᠯᠢ ᠶᠢᠨ ᠨᠤᠷᠠᠭᠠᠵᠤ ᠨᠡᠭᠦᠯᠭᠡᠬᠦ ᠵᠠᠮ ᠢ ᠥᠷᠭᠡᠳᠬᠡᠬᠦ᠂ ᠠᠮᠤᠷ ᠠᠮᠤᠭᠤᠯᠠᠩ ᠭᠡᠷ ᠣᠷᠣᠨ ︵ᠢᠵᠢ ᠪᠦᠷᠢᠳᠦᠭᠰᠡᠨ ᠪᠤᠰᠤ︶ ᠬᠤᠲᠠ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠦᠨᠳᠦᠰᠦᠨ ᠪᠠᠶᠢᠳᠠᠯ ᠵᠢᠴᠢ ᠰᠠᠭᠤᠭᠠᠯᠢ ᠠᠷᠠᠳ ᠢ ᠪᠤᠴᠠᠭᠠᠨ ᠨᠡᠭᠦᠯᠭᠡᠬᠦ ᠪᠣᠳᠠᠲᠠᠢ ᠠᠷᠭ᠎ᠠ ᠶᠢ ᠲᠠᠨᠢᠯᠴᠠᠭᠤᠯᠵᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠨᠤᠷᠠᠭᠠᠵᠤ ᠨᠡᠭᠦᠯᠭᠡᠬᠦ ᠵᠢᠴᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠵᠢᠯ ᠤᠨ ᠳᠤᠮᠳᠠᠬᠢ ᠭᠤᠣᠯᠳᠠᠯᠭ᠎ᠠ ᠲᠠᠢ ᠠᠰᠠᠭᠤᠳᠠᠯ ᠵᠢᠴᠢ ᠬᠦᠴᠢᠷ ᠠᠰᠠᠭᠤᠳᠠᠯ ᠤᠨ ᠲᠤᠬᠠᠢ ᠭᠦᠨᠵᠡᠭᠡᠢ ᠰᠣᠯᠢᠯᠴᠠᠵᠠᠢ᠃ ᠡᠭᠦᠨ ᠤ ᠬᠠᠮᠲᠤ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠠᠵᠢᠯ ᠢ ᠨᠠᠷᠢᠨ ᠬᠢᠨᠠᠮᠠᠭᠠᠶ ᠰᠤᠳᠤᠯᠤᠨ ᠮᠠᠭᠠᠳᠯᠠᠵᠤ᠂ ᠡᠴᠦᠰ ᠲᠡᠭᠡᠨ ᠮᠠᠨ ᠤ ᠰᠢᠶᠠᠨ ᠤ ᠪᠣᠳᠠᠲᠠᠶ ᠪᠠᠶᠢᠳᠠᠯ ᠳᠤ ᠨᠡᠶᠢᠴᠡᠭᠰᠡᠨ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠲᠥᠰᠦᠯ ᠢ ᠲᠣᠭᠲᠠᠭᠠᠵᠤ᠂ ᠢᠯᠡ ᠪᠠᠷ ᠠᠵᠢᠯᠯᠠᠭᠤᠯᠬᠤ᠂ ᠠᠷᠠᠳ ᠤᠨ ᠢᠲᠡᠭᠡᠯ ᠢ ᠤᠯᠬᠤ ᠶᠢ ᠦᠨᠡᠨ ᠬᠦ ᠪᠡᠶᠡᠯᠡᠭᠦᠯᠵᠦ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠡᠭᠡᠭᠦᠯᠦᠨ ᠨᠡᠭᠦᠯᠭᠡᠬᠦ ᠠᠵᠢᠯ ᠢ ᠤᠷᠤᠭᠰᠢᠲᠠᠶ ᠲᠦᠯᠬᠢᠨ ᠠᠬᠢᠭᠤᠯᠬᠤ ᠬᠡᠷᠡᠭᠲᠡᠶ᠃    ᠵᠧᠩ ᠳ᠋ᠦᠩ ᠫᠢᠩ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠪᠣᠯ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠤᠬᠤᠷᠢᠬᠤ ᠵᠠᠮ ᠦᠭᠡᠢ᠂ ᠵᠠᠪᠠᠯ ᠬᠢᠬᠦ ᠶᠠᠪᠤᠳᠠᠯ ᠪᠣᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠳᠡᠭᠡᠳᠦᠯᠡᠬᠦ ᠶᠢ ᠪᠠᠷᠢᠮᠲᠠᠯᠠᠨ᠂ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠵᠦ᠂ ᠲᠥᠪᠯᠡᠷᠡᠭᠦᠯᠦᠨ ᠢᠯᠴᠢ ᠬᠠᠩᠭᠠᠬᠤ ᠠᠵᠢᠯ ᠢ ᠦᠨᠡᠨᠬᠦ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠰᠡᠳᠬᠢᠯ ᠳᠡᠭᠡᠨ ᠪᠤᠳᠤᠵᠤ᠂ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠬᠤᠯᠪᠣᠭᠳᠠᠯ ᠪᠦᠬᠦᠢ ᠨᠢᠭᠡᠴᠡ ᠡᠭᠦᠷᠭᠡ ᠲᠤᠰᠢᠶᠠᠯ ᠢᠶᠠᠨ ᠭᠦᠢᠴᠡᠳ ᠭᠦᠢᠴᠡᠳᠬᠡᠵᠦ᠂ ᠪᠣᠳᠠᠲᠠᠢ ᠳᠤ ᠭᠦᠨᠵᠡᠭᠡᠶᠢᠷᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠳᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠢᠯᠴᠢ ᠬᠠᠩᠭᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃    ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠵᠠᠢ ᠵᠢᠢ ᠴᠢᠩ᠂ ᠪᠠᠢ ᠯᠢ ᠵᠢᠶᠦ᠋ᠨ ᠬᠤᠷᠠᠯ ᠳᠤ ᠣᠷᠣᠯᠴᠠᠪᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2