ᠵᠧᠩ ᠳ᠋ᠦᠩ ᠫᠢᠩ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/28
    8 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠᠷ ᠠᠵᠠ ᠲᠣᠬᠢᠶᠠᠯ ᠪᠣᠯᠭᠠᠵᠤ ᠂ ᠬᠤᠳᠠ ᠬᠥᠳᠡᠭᠡ ᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠴᠢᠨᠠᠭᠰᠢᠳᠠ ᠰᠠᠶᠢᠵᠢᠷᠠᠭᠤᠯᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠪᠣᠯᠤᠨ ᠬᠤᠳᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠠᠰᠤᠷᠠᠯᠳᠠ ᠦᠬᠡᠢ ᠨᠡᠮᠡᠭᠳᠡᠭᠦᠯᠵᠦ᠂ ᠪᠣᠯᠪᠠᠰᠤᠨ ᠡᠶ᠎ᠡ ᠵᠣᠬᠢᠴᠠᠩᠭᠤᠢ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠵᠧᠩ ᠳ᠋ᠦᠩ ᠫᠢᠩ ᠤᠷᠢᠳ ᠬᠤᠵᠢᠳ ᠬᠤᠩ ᠮᠤᠤ ᠪᠠᠯᠭᠠᠰᠤ ᠶᠢᠨ ᠬᠤᠲᠠ ᠶᠢᠨ ᠲᠣᠭᠤᠷᠢᠭ ᠤᠨ ᠡᠮᠦᠨ᠎ᠡ ᠶᠡᠭᠡ ᠵᠡᠭᠡᠯᠢ᠂ ᠲᠤᠸᠠᠨ ᠵᠢᠶᠧ ᠪᠠᠭ᠎ᠠ ᠲᠣᠭᠤᠷᠢᠭ᠂ ᠳᠠᠶᠢᠬ᠎ᠠ ᠠᠭᠤᠳᠠᠮ ᠲᠠᠯᠠᠪᠠᠢ ᠵᠡᠷᠭᠡ ᠭᠠᠵᠠᠷ᠂ ᠵᠠᠮ ᠳᠠᠭᠠᠤ ᠣᠷᠣᠨ ᠳᠤ ᠬᠦᠷᠴᠦ ᠵᠠᠮ ᠢ ᠥᠷᠭᠡᠳᠬᠡᠨ ᠪᠠᠶᠢᠭᠤᠯᠬᠤ᠂ ᠵᠠᠮ ᠢ ᠬᠠᠲᠠᠭᠤᠷᠠᠭᠤᠯᠬᠤ᠂ ᠳᠠᠶᠢᠬ᠎ᠠ ᠠᠭᠤᠳᠠᠮ ᠲᠠᠯᠠᠪᠠᠢ ᠶᠢ ᠰᠡᠯᠪᠢᠨ ᠵᠠᠰᠠᠬᠤ ᠵᠡᠷᠭᠡ ᠭᠠᠵᠠᠷ ᠢ ᠪᠠᠶᠢᠴᠠᠭᠠᠨ ᠦᠵᠡᠵᠦ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠴᠠᠢ    ᠵᠧᠩ ᠳ᠋ᠦᠩ ᠫᠢᠩ᠂ ᠤᠯᠠᠨ ᠲᠦᠮᠡᠨ ᠤ ᠬᠡᠷᠡᠭᠴᠡᠭᠡ ᠪᠠᠷ ᠡᠭᠦᠰᠦᠯᠲᠡ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠠᠵᠢᠯ ᠤᠨ ᠠᠷᠭ᠎ᠠ  ᠬᠡᠮᠵᠢᠶ᠎ᠡ ᠪᠠᠨ ᠲᠡᠭᠦᠯᠳᠡᠷᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠤᠳᠠ ᠪᠠᠶᠢᠭᠤᠯᠬᠤ ᠠᠵᠢᠯ ᠤᠨ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠬᠤ᠂ ᠵᠠᠮ ᠳᠠᠭᠠᠤ ᠴᠢᠯᠠᠭᠤ ᠵᠡᠷᠭᠡᠯᠡᠬᠦ ᠵᠡᠷᠭᠡ ᠠᠵᠢᠯ ᠢ ᠲᠦᠷᠭᠡᠳᠬᠡᠵᠦ᠂ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠬᠤ ᠶᠢᠨ ᠬᠠᠮᠲᠤ ᠵᠠᠮ ᠬᠠᠷᠢᠯᠴᠠᠭ᠎ᠠ ᠶᠢ ᠨᠡᠪᠲᠡᠷᠡᠭᠦᠯᠦᠨ ᠵᠢᠯᠣᠭᠤᠳᠬᠤ ᠠᠵᠢᠯ ᠢ ᠴᠢᠩᠭᠠᠳᠬᠠᠵᠤ᠂ ᠠᠷᠠᠳ ᠤᠯᠠᠨ ᠤ ᠶᠠᠪᠤᠵᠤ ᠰᠠᠭᠤᠬᠤ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠵᠦ᠂ ᠵᠣᠬᠢᠴᠠᠩᠭᠤᠢ ᠪᠠᠷ ᠠᠬᠢᠭᠤᠯᠵᠤ᠂ ᠵᠠᠮ ᠵᠠᠰᠠᠬᠤ᠂ ᠭᠡᠷ ᠪᠠᠶᠢᠰᠢᠩ ᠨᠤᠷᠠᠭᠠᠬᠤ᠂ ᠬᠤᠳᠠ ᠶᠢ ᠭᠤᠶᠤᠵᠢᠭᠤᠯᠤᠨ ᠳᠡᠭᠡᠭᠰᠢᠯᠡᠭᠦᠯᠬᠦ ᠵᠡᠷᠭᠡ ᠠᠵᠢᠯ ᠢ ᠬᠠᠮᠲᠤ ᠳᠤᠨᠢ ᠬᠠᠷᠠᠭᠠᠯᠵᠠᠵᠤ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠪᠠᠭᠠᠰᠬᠠᠵᠤ᠂ ᠠᠵᠢᠯ ᠢ ᠨᠢᠭᠡ ᠨᠢᠭᠡ ᠪᠠᠷ ᠬᠢᠪᠡᠯ ᠨᠢᠭᠡ ᠶᠢ ᠪᠦᠲᠦᠭᠡᠬᠦ ᠶᠢ ᠦᠨᠡᠨ ᠬᠦ ᠪᠠᠲᠤᠯᠠᠵᠤ᠂ ᠰᠣᠳᠣᠨ ᠪᠦᠲᠦᠭᠡᠯ ᠤᠨ ᠢᠨᠵᠧᠨᠧᠷᠢᠩ ᠢ ᠪᠦᠳᠦᠭᠡᠨ ᠪᠠᠶᠢᠭᠤᠯᠬᠤ ᠬᠡᠷᠡᠭᠲᠡᠢ᠃    ᠵᠧᠩ ᠳ᠋ᠦᠩ ᠫᠢᠩ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠨᠢᠭᠡᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠬᠤᠳᠠ ᠶᠢᠨ ᠲᠦᠷᠢ ᠲᠥᠷᠬᠦ ᠶᠢ ᠱᠤᠭᠤᠬᠤ᠂ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠠᠷᠠᠳ ᠲᠦᠮᠡᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠳᠦᠨ ᠪᠠᠶᠢᠭᠤᠯᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠵᠦ᠂ ᠶᠡᠭᠡ ᠲᠠᠯ᠎ᠠ ᠠᠴᠠ ᠪᠣᠳᠣᠯᠬᠢᠯᠠᠬᠤ᠂ ᠪᠠᠭ᠎ᠠ ᠲᠠᠯ᠎ᠠ ᠠᠴᠠ ᠭᠠᠷᠳᠠᠬᠤ᠂ ᠨᠠᠷᠢᠨ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ ᠦᠨᠡᠨ ᠪᠣᠳᠠᠲᠠᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠪᠠᠷ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ  ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃    ᠰᠢᠶᠠᠨ ᠤ ᠤᠳᠤᠷᠢᠳᠤᠯᠭ᠎ᠠ ᠷᠧᠨ ᠳ᠋ᠦᠩ ᠮᠢᠩ᠂ ᠵᠠᠢ ᠵᠢᠢ ᠴᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                      ᠨᠠᠶᠢᠷᠠᠭᠤᠯᠤᠭᠴᠢ᠄  ᠯᠢ ᠬᠤᠩ ᠢᠦᠢ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2