ᠵᠧᠩ ᠳ᠋ᠦᠩ ᠫᠢᠩ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ‌‍ᠲ᠋ᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠬᠢᠴᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/29
   8 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠲᠢᠶᠠᠨ ᠴᠧᠩ ᠰᠢᠶᠠᠩ ᠪᠣᠯᠤᠨ ᠲᠠᠭ᠎ᠠ ᠶᠢᠨ ᠨᠠᠭᠤᠷ ᠪᠠᠯᠭᠠᠰᠤ ᠳᠤ ᠭᠦᠨᠵᠡᠭᠡᠶᠢᠷᠡᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠲᠠᠭ᠎ᠠ ᠶᠢᠨ  ᠨᠠᠭᠤᠷ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠠᠬᠢᠴᠠ ᠶᠢᠨ ᠠᠵᠢᠯ ᠢ ᠪᠠᠶᠢᠴᠠᠭᠠᠨ ᠰᠤᠳᠤᠯᠵᠠᠢ᠃ ᠰᠢᠶᠠᠨ ᠤ ᠤᠳᠤᠷᠢᠳᠤᠯᠭ᠎ᠠ ‍ᠤᠤᠢ ᠵᠢᠶᠠᠨ  ᠹᠧᠩ᠂  ᠹᠧᠩ ᠵᠢᠶᠦ᠋ᠨ ᠪᠠᠷ᠎ᠠ ᠪᠣᠯᠪᠠ᠃    ᠲᠢᠶᠠᠨ ᠴᠧᠩ ᠰᠢᠶᠠᠩ ᠤᠨ ᠤᠳᠤ ᠦᠶ᠎ᠡ ᠶᠢᠨ  ᠰᠦ ᠶᠢᠨ ᠦᠢᠯᠡᠰ ᠤᠨ ᠰᠠᠭᠤᠷᠢᠨ ᠪᠣᠯᠤᠨ ᠤᠯᠠᠭᠠᠨᠴᠠᠪ ᠤᠨ 150 ᠲᠦᠮᠡᠨ ᠺᠢᠯᠣᠸᠠᠲ ᠤᠨ ︽ᠦᠩᠭᠡ ᠦᠵᠡᠮᠵᠢ ᠭᠠᠯ ᠤᠰᠤᠲᠥ᠋ᠷᠥᠭᠴᠢ ᠶᠢ ᠨᠢᠭᠡ ᠴᠤᠭᠴᠠᠵᠢᠭᠤᠯᠬᠤ︾ ᠰᠠᠯᠬᠢᠨ ᠬᠦᠴᠦᠨ ᠤ ᠴᠠᠬᠢᠯᠭᠠᠨ ᠭᠡᠷᠡᠯ ᠸᠣᠯᠲ ᠤᠨ ᠰᠠᠭᠤᠷᠢᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠵᠧᠩ ᠳ᠋ᠦᠩ ᠫᠢᠩ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠶᠤᠯᠭᠦᠢ ᠦᠢᠯᠡᠳᠪᠦᠷᠢᠯᠡᠯ ᠪᠣᠯᠤᠨ ᠲᠦᠷᠦᠯ ᠵᠦᠢᠯ ᠤᠨ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠤᠨ ᠭᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠵᠤ᠂ ᠰᠡᠷᠭᠡᠶᠢᠯᠡᠬᠦ ᠠᠷᠭ᠎ᠠ  ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠠᠮᠤᠷ ᠲᠦᠪᠰᠢᠨ ᠲᠣᠭᠲᠠᠭᠤᠨ ᠢᠶᠠᠷ ᠠᠬᠢᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠣᠨ ᠤ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠤᠨ ᠵᠢᠭᠠᠰᠤᠨ ᠤ ᠲᠦᠷᠦᠯ ᠤᠨ ᠣᠷᠣᠰᠢᠨ ᠲᠣᠭᠲᠠᠨᠢᠬᠤ ᠲᠤᠷᠰᠢᠯᠲᠠ ᠶᠢᠨ ᠰᠠᠭᠤᠷᠢᠨ ᠳᠤ᠂ ᠵᠧᠩ ᠳ᠋ᠦᠩ ᠫᠢᠩ ᠵᠢᠭᠠᠰᠤᠨ ᠤ ᠲᠦᠷᠦᠯ ᠤᠨ ᠲᠡᠵᠢᠭᠡᠨ ᠠᠷᠠᠴᠢᠯᠠᠬᠤ ᠲᠤᠷᠰᠢᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ᠂ ᠲᠤᠭ᠎ᠠ ᠪᠠᠷᠢᠮᠲᠠ ᠴᠤᠭᠯᠠᠭᠤᠯᠬᠤ ᠪᠠ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠲᠤᠷᠰᠢᠯᠲᠠ ᠶᠢᠨ ᠦᠷ᠎ᠡ ᠳ᠋ᠦᠩ ᠢ ᠢᠯᠡᠭᠦᠬᠡᠨ ᠳ᠋ᠦᠩᠨᠡᠨ ᠪᠣᠯᠪᠠᠰᠤᠷᠠᠭᠤᠯᠵᠤ᠂  ᠲᠠᠭ᠎ᠠ ᠶᠢᠨ ᠨᠠᠭᠤᠷ ᠤᠨ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂  ᠲᠠᠭ᠎ᠠ ᠶᠢᠨ ᠨᠠᠭᠤᠷ ᠤᠨ ᠵᠢᠭᠠᠰᠤᠨ ᠠᠵᠤ ᠠᠬᠤᠢ ᠶᠢᠨ ᠰᠡᠷᠭᠦᠯᠲᠡ ᠶᠢᠨ ᠴᠢᠨᠠᠷᠲᠠᠢ ᠬᠥᠭᠵᠢᠯᠲᠡ ᠶᠢ ᠪᠡᠶᠡᠯᠡᠭᠦᠯᠬᠦ ᠳᠤ ᠦᠢᠯᠡᠳᠦᠯ ᠦᠵᠡᠭᠦᠯᠬᠦ ᠬᠡᠷᠡᠭᠲᠡᠢ ᠭᠡᠵᠦ ᠬᠡᠯᠡᠪᠡ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2