ᠯᠢᠶᠠᠩᠴᠧᠩ ᠰᠢᠶᠠᠨ ᠤ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/8/31
    ᠮᠠᠨ ᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠬᠠᠮᠠᠭᠠᠯᠠᠨ᠂ ᠯᠢᠶᠠᠩᠴᠧᠩ ᠰᠢᠶᠠᠨ ᠤ ᠬᠢᠨ ᠪᠥᠬᠦ ᠰᠢᠶᠠᠨ ᠤ ᠬᠡᠪᠴᠢᠶᠡᠨ ᠳᠤ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠨᠡᠶᠢᠭᠡᠮ ᠤᠨ ᠬᠢᠨᠠᠯᠲᠠ ᠲᠠᠯᠪᠢᠬᠤ ᠪᠠ ᠣᠯᠠᠨ ᠲᠦᠮᠡᠨ ᠤ ᠬᠢᠨᠠᠯᠲᠠ ᠲᠠᠯᠪᠢᠬᠤ ᠶᠢ ᠴᠢᠩᠭᠠᠳᠬᠠᠬᠤ ᠶᠢᠨ ᠲᠤᠰᠠᠳᠠ᠂ ᠡᠳᠦᠭᠡ ᠯᠢᠶᠠᠩᠴᠧᠩ ᠰᠢᠶᠠᠨ ᠤ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ ᠵᠢᠴᠢ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠤᠨ ᠣᠷᠣᠨ ᠪᠠᠶᠢᠷᠢ ᠶᠢ ᠳᠣᠤᠷᠠᠬᠢ ᠮᠡᠲᠦ ᠨᠡᠶᠢᠲᠡᠯᠡᠶ᠎ᠡ᠃
   
    ᠢᠯᠡᠴᠢᠯᠡᠨ ᠮᠡᠳᠡᠭᠦᠯᠵᠦ ᠵᠠᠭᠠᠯᠳᠤᠬᠤ᠂ ᠵᠠᠬᠢᠳᠠᠯ ᠰᠤᠷᠪᠤᠯᠵᠢᠯᠠᠭ᠎ᠠ ᠪᠠᠷ ᠲᠤᠰᠬᠠᠭᠰᠠᠨ ᠠᠰᠠᠭᠤᠳᠠᠯ ᠳᠤ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠡᠩ ᠤᠨ ᠪᠠᠶᠢᠳᠠᠯ ᠳᠤ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠶ ᠨᠢᠭᠡᠴᠡ ᠪᠤᠶᠤ ᠬᠤᠪᠢ ᠬᠥᠮᠦᠨ ᠤ ᠨᠡᠷᠡᠶᠢᠳᠦᠯ᠂ ᠡᠭᠦᠰᠦᠭᠰᠡᠨ ᠴᠠᠭ ᠬᠤᠭᠤᠴᠠᠭ᠎ᠠ᠂ ᠪᠣᠳᠠᠲᠤ ᠶᠠᠪᠤᠳᠠᠯ ᠤᠨ ᠲᠦᠢᠮᠣ ᠪᠠᠶᠢᠳᠠᠯ ᠵᠢᠴᠢ ᠬᠠᠮᠢᠶ᠎ᠠ ᠪᠥᠬᠦᠶ ᠭᠡᠷᠡᠴᠢ ᠪᠠᠷᠢᠮᠲᠠ ᠶᠢᠨ ᠮᠠᠲ᠋ᠧᠷᠢᠶᠠᠯ ᠵᠡᠷᠭᠡ ᠶᠢ ᠪᠠᠭᠲᠠᠭᠠᠵᠤ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠬᠢᠨᠠᠯᠲᠠ ᠲᠠᠯᠪᠢᠬᠤ ᠳᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ᠂ ᠡᠮ ᠡᠮᠨᠡᠯᠭᠡ ᠶᠢᠨ ᠬᠦᠷᠢᠶᠡᠨ ᠳᠠᠬᠢ ᠲᠥᠪ ᠪᠤᠰᠤ ᠰᠤᠷᠲᠠᠯ ᠢ ᠪᠦᠲᠦᠮᠵᠢᠲᠡᠶ ᠵᠠᠯᠠᠷᠠᠭᠤᠯᠤᠨ᠎ᠠ᠃     ᠤᠲᠠᠰᠤ ᠶᠢ ᠬᠦᠯᠢᠶᠡᠨ ᠠᠪᠴᠤ ᠰᠢᠢᠳᠪᠤᠷᠢᠯᠡᠬᠦ ᠴᠠᠭ ᠨᠢ ᠠᠵᠢᠯᠯᠠᠬᠤ ᠡᠳᠦᠷ ᠤᠨ ᠦᠳᠡ ᠶᠢᠨ ᠡᠮᠦᠨᠡᠬᠢ 09 ᠄ 00 — 12᠄ 00᠂ ᠦᠳᠡ ᠶᠢᠨ ᠬᠤᠶᠢᠨᠠᠬᠢ 15᠄ 00 — 18᠄ 00 ᠪᠣᠯᠤᠨ᠎ᠠ᠃                 ᠯᠢᠶᠠᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ                          2023 ᠣᠨ ᠤ 8 ᠰᠠᠷ᠎ᠠ ᠶᠢᠨ 30᠎ ᠤ ᠡᠳᠦᠷ    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2