ᠮᠠᠨ ᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠠᠵᠢᠯ ᠲᠥᠷᠥᠯ ᠤᠨ | ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠡᠷᠡᠭᠦᠯ ᠮᠡᠨᠳᠦ ᠶᠢᠨ | ᠡᠷᠬᠡ ᠠᠰᠢᠭ ᠢ ᠬᠠᠮᠠᠭᠠᠯᠠᠨ᠂ ᠯᠢᠶᠠᠩᠴᠧᠩ ᠰᠢᠶᠠᠨ ᠤ ᠬᠢᠨ ᠪᠥᠬᠦ ᠰᠢᠶᠠᠨ ᠤ ᠬᠡᠪᠴᠢᠶᠡᠨ ᠳᠤ ᠡᠮ ᠡᠮᠨᠡᠯᠭᠡ ᠶᠢᠨ | ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ | ᠨᠡᠶᠢᠭᠡᠮ ᠤᠨ ᠬᠢᠨᠠᠯᠲᠠ ᠲᠠᠯᠪᠢᠬᠤ ᠪᠠ ᠣᠯᠠᠨ ᠲᠦᠮᠡᠨ ᠤ ᠬᠢᠨᠠᠯᠲᠠ ᠲᠠᠯᠪᠢᠬᠤ ᠶᠢ ᠴᠢᠩᠭᠠᠳᠬᠠᠬᠤ ᠶᠢᠨ ᠲᠤᠰᠠᠳᠠ᠂ | ᠡᠳᠦᠭᠡ ᠯᠢᠶᠠᠩᠴᠧᠩ ᠰᠢᠶᠠᠨ ᠤ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠳᠤ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ ᠵᠢᠴᠢ | ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠤᠨ ᠣᠷᠣᠨ ᠪᠠᠶᠢᠷᠢ ᠶᠢ ᠳᠣᠤᠷᠠᠬᠢ ᠮᠡᠲᠦ ᠨᠡᠶᠢᠲᠡᠯᠡᠶ᠎ᠡ᠃ | | | | | ᠢᠯᠡᠴᠢᠯᠡᠨ ᠮᠡᠳᠡᠭᠦᠯᠵᠦ ᠵᠠᠭᠠᠯᠳᠤᠬᠤ᠂ ᠵᠠᠬᠢᠳᠠᠯ ᠰᠤᠷᠪᠤᠯᠵᠢᠯᠠᠭ᠎ᠠ ᠪᠠᠷ ᠲᠤᠰᠬᠠᠭᠰᠠᠨ ᠠᠰᠠᠭᠤᠳᠠᠯ ᠳᠤ | ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠡᠩ ᠤᠨ ᠪᠠᠶᠢᠳᠠᠯ ᠳᠤ ᠲᠣᠭᠲᠠᠭᠠᠯ ᠢ ᠵᠥᠷᠢᠴᠡᠭᠰᠡᠨ | ᠰᠡᠵᠢᠭᠯᠡᠯᠲᠡᠶ ᠨᠢᠭᠡᠴᠡ ᠪᠤᠶᠤ ᠬᠤᠪᠢ ᠬᠥᠮᠦᠨ ᠤ ᠨᠡᠷᠡᠶᠢᠳᠦᠯ᠂ ᠡᠭᠦᠰᠦᠭᠰᠡᠨ ᠴᠠᠭ ᠬᠤᠭᠤᠴᠠᠭ᠎ᠠ᠂ ᠪᠣᠳᠠᠲᠤ | ᠶᠠᠪᠤᠳᠠᠯ ᠤᠨ ᠲᠦᠢᠮᠣ ᠪᠠᠶᠢᠳᠠᠯ ᠵᠢᠴᠢ ᠬᠠᠮᠢᠶ᠎ᠠ ᠪᠥᠬᠦᠶ ᠭᠡᠷᠡᠴᠢ ᠪᠠᠷᠢᠮᠲᠠ ᠶᠢᠨ ᠮᠠᠲ᠋ᠧᠷᠢᠶᠠᠯ ᠵᠡᠷᠭᠡ ᠶᠢ ᠪᠠᠭᠲᠠᠭᠠᠵᠤ᠂ | ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ᠤ ᠬᠢᠨᠠᠯᠲᠠ ᠲᠠᠯᠪᠢᠬᠤ ᠳᠤ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ᠂ ᠡᠮ ᠡᠮᠨᠡᠯᠭᠡ ᠶᠢᠨ ᠬᠦᠷᠢᠶᠡᠨ ᠳᠠᠬᠢ ᠲᠥᠪ ᠪᠤᠰᠤ ᠰᠤᠷᠲᠠᠯ ᠢ ᠪᠦᠲᠦᠮᠵᠢᠲᠡᠶ ᠵᠠᠯᠠᠷᠠᠭᠤᠯᠤᠨ᠎ᠠ᠃ | | ᠤᠲᠠᠰᠤ ᠶᠢ ᠬᠦᠯᠢᠶᠡᠨ ᠠᠪᠴᠤ ᠰᠢᠢᠳᠪᠤᠷᠢᠯᠡᠬᠦ ᠴᠠᠭ ᠨᠢ ᠠᠵᠢᠯᠯᠠᠬᠤ ᠡᠳᠦᠷ ᠤᠨ ᠦᠳᠡ ᠶᠢᠨ ᠡᠮᠦᠨᠡᠬᠢ 09 | ᠄ 00 — 12᠄ 00᠂ ᠦᠳᠡ ᠶᠢᠨ ᠬᠤᠶᠢᠨᠠᠬᠢ 15᠄ 00 — 18᠄ 00 ᠪᠣᠯᠤᠨ᠎ᠠ᠃ | | ᠯᠢᠶᠠᠩᠴᠧᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ | 2023 ᠣᠨ ᠤ 8 ᠰᠠᠷ᠎ᠠ ᠶᠢᠨ 30 ᠤ ᠡᠳᠦᠷ | |