8 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠰᠢᠶᠠᠨ ᠤ | ᠨᠠᠮ ᠤᠨ ᠬᠤᠷᠢᠶᠠᠨ ᠤ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠨᠡᠪᠲᠡᠷᠡᠭᠦᠯᠬᠦ ᠠᠵᠢᠯ ᠤᠨ ᠬᠤᠷᠠᠯ ᠵᠢᠴᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠯᠢᠶᠠᠩᠴᠧᠩ ᠰᠢᠶᠠᠨ ᠤ ᠨᠠᠮ ᠤᠨ | ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠨᠡᠪᠲᠡᠷᠡᠭᠦᠯᠬᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ︽ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠬᠢᠨᠠᠯᠲᠠ | ᠲᠠᠯᠪᠢᠯᠲᠠ ᠶᠢ ᠨᠡᠪᠲᠡᠷᠡᠭᠦᠯᠬᠦ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ | ᠠᠵᠢᠯ ᠤᠨ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠬᠢᠨᠠᠨ ᠵᠥᠪᠯᠡᠨ᠎ᠡ᠃ ᠰᠢᠶᠠᠨ ᠤ ᠳᠦᠷᠪᠡᠨ ᠶᠡᠭᠡ | ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ᠂ ᠬᠢᠨᠠᠯᠲᠠ ᠲᠠᠯᠪᠢᠯᠲᠠ ᠶᠢ ᠲᠤᠤᠱᠲᠠᠢ ᠵᠣᠬᠢᠴᠠᠭᠤᠯᠬᠤ ᠶᠢ ᠠᠬᠢᠭᠤᠯᠬᠤ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢᠨ ᠭᠤᠣᠯᠯᠠᠬᠤ | ᠪᠠᠶᠢᠷᠢ ᠰᠠᠭᠤᠷᠢ ᠶᠢ ᠲᠤᠪᠤᠶᠢᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠪᠦᠬᠦ | ᠲᠠᠯ᠎ᠠ ᠪᠠᠷ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ ︽1+9 | ︾ ᠶᠢᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠬᠢᠨᠠᠯᠲᠠ ᠲᠠᠯᠪᠢᠬᠤ ᠪᠠᠷ ᠵᠢᠯᠤᠭᠤᠳᠤᠯᠭ᠎ᠠ ᠪᠣᠯᠭᠠᠵᠤ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ | ᠬᠠᠮᠵᠢᠯᠴᠠᠭᠤᠯᠬᠤ ᠶᠢ ᠠᠬᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠵᠤ᠂ ᠳᠡᠭᠡᠳᠦ ᠱᠠᠲᠤᠨ ᠤ | ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ | ᠲᠠᠪᠴᠠᠩ ᠢ ᠪᠠᠶᠢᠭᠤᠯᠵᠤ᠂ ᠬᠢᠨᠠᠯᠲᠠ ᠲᠠᠯᠪᠢᠬᠤ ᠬᠦᠴᠦᠨ ᠢ ᠪᠦᠲᠦᠮᠵᠢᠲᠡᠢ ᠨᠡᠶᠢᠳᠬᠡᠵᠦ᠂ ᠡᠯ᠎ᠡ ᠲᠦᠷᠦᠯ ᠤᠨ | ᠬᠢᠨᠠᠯᠲᠠ ᠲᠠᠯᠪᠢᠬᠤ ᠶᠢ ᠣᠷᠭᠠᠨᠢᠭ ᠢᠶᠠᠷ ᠨᠡᠪᠲᠡᠷᠡᠯᠴᠡᠭᠦᠯᠬᠦ᠂ ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ | ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠬᠢᠨᠠᠯᠲᠠ ᠲᠠᠯᠪᠢᠬᠤ ᠬᠠᠷᠢᠭᠤᠴᠠᠯᠭ᠎ᠠ ᠲᠠᠢ ᠨᠢᠭᠡᠴᠡ ᠨᠢ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠭᠡᠵᠦ᠂ ᠬᠢᠨᠠᠯᠲᠠ ᠲᠠᠯᠪᠢᠬᠤ ᠲᠥᠯᠥᠪᠯᠡᠭᠡ ᠲᠣᠭᠲᠠᠭᠠᠨ᠂ ᠴᠢᠬᠤᠯᠠ ᠬᠢᠨᠠᠯᠲᠠ ᠲᠠᠯᠪᠢᠬᠤ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠨᠡᠶᠢᠭᠡᠮ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠪᠠ | ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠡᠯ᠎ᠡ | ᠲᠦᠷᠦᠯ ᠤᠨ ᠬᠢᠨᠠᠯᠲᠠ ᠲᠠᠯᠪᠢᠬᠤ ᠬᠦᠴᠦᠨ ᠢ ᠭᠦᠢᠴᠡᠳ ᠲᠠᠶᠢᠴᠢᠯᠠᠨ᠂ ᠡᠳᠦᠷ ᠲᠤᠳᠤᠮ ᠤᠨ ᠬᠢᠨᠠᠯᠲᠠ ᠶᠢ | ᠥᠷᠨᠢᠭᠦᠯᠵᠦ᠂ ᠲᠤᠰᠬᠠᠶ ᠵᠦᠢᠯ ᠤᠨ ᠬᠢᠨᠠᠯᠲᠠ ᠶᠢ ᠪᠣᠳᠠᠲᠠᠶ ᠠᠳᠬᠤᠬᠤ ᠬᠡᠷᠡᠭᠲᠡᠶ᠃ ᠡᠯ᠎ᠡ ᠲᠦᠷᠦᠯ ᠤᠨ ᠬᠢᠨᠠᠯᠲᠠ | ᠲᠠᠯᠪᠢᠬᠤ ᠭᠤᠣᠯ ᠴᠣᠭᠴᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ | ᠱᠠᠯᠠᠪᠳᠠᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠭᠡᠯ ᠪᠣᠯᠤᠨ ᠦᠷ᠎ᠡ ᠠᠰᠢᠭ ᠢ ᠥᠷᠭᠡᠳᠬᠡᠵᠦ᠂ ᠬᠢᠨᠠᠯᠲᠠ | ᠲᠠᠯᠪᠢᠬᠤ ᠲᠣᠭᠲᠠᠴᠠ ᠶᠢ ᠲᠠᠰᠤᠷᠠᠯᠲᠠ ᠦᠭᠡᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ ᠭᠡᠪᠡ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |