︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠤᠬ ᠰᠠᠨᠠᠭ᠎ᠠ ᠪᠠᠨ ᠦᠢᠯᠡᠳᠦᠯᠭᠡᠵᠢᠭᠦᠯᠬᠦ︾ ᠤᠯᠠᠭᠠᠨᠴᠠᠪ ᠬᠤᠳᠠ ᠶᠢᠨ ᠨᠢᠭᠡᠳᠦᠮᠡᠯ ᠹᠷᠣᠨᠲ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠠᠵᠢᠯᠯᠠᠭ᠎ᠠ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/7
  ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠶᠡᠭᠡ ᠠᠬᠢᠴᠠ ᠪᠠ ᠨᠡᠩ ᠰᠠᠶᠢᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠵᠤ᠂ ᠤᠯᠠᠨ ᠲᠦᠮᠡᠨ ᠳᠤ ᠦᠨᠡᠨᠬᠦ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠢᠨ ᠲᠥᠯᠥᠭᠡ᠂ ᠤᠯᠠᠭᠠᠨᠴᠠᠪ ᠬᠤᠳᠠ ᠶᠢᠨ ᠨᠢᠭᠡᠳᠦᠮᠡᠯ ᠹᠷᠣᠨᠲ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ · ᠤᠬ ᠰᠠᠨᠠᠭ᠎ᠠ ᠪᠠᠨ ᠦᠢᠯᠡᠳᠦᠯᠭᠡᠵᠢᠭᠦᠯᠬᠦ︾ ᠠᠵᠢᠯᠯᠠᠭ᠎ᠠ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠢᠩᠬᠢᠮ ᠤᠨ ᠲᠠᠰ ᠤᠨ ᠤᠳᠤᠷᠢᠳᠤᠯᠭ᠎ᠠ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠤᠯᠠᠭᠠᠨᠴᠠᠪ ᠬᠤᠲᠠ ᠶᠢᠨ ᠬᠤᠷᠢᠶ᠎ᠠ ᠶᠢᠨ ᠡᠷᠬᠢᠯᠡᠭᠴᠢ ᠭᠡᠰᠢᠭᠦᠨ ᠸᠧᠨ ᠯᠠᠨ᠂ ᠮᠠᠨ ᠤ ᠰᠢᠶᠠᠨ ᠤ ᠤᠳᠤᠷᠢᠳᠤᠯᠭ᠎ᠠ ᠯᠢᠦ ᠶᠢᠨ ᠲᠤᠤ᠂ ᠰᠢᠤᠢ  ᠸᠧᠨ ᠺᠠᠶ᠂ ᠵᠠᠶ ᠵᠢᠶ ᠴᠢᠩ᠂ ᠳ᠋ᠠ ᠲᠠᠩ ᠥᠪᠥᠷ ᠮᠣᠩᠭᠤᠯ ᠤᠨ ᠺᠣᠮᠫᠠᠨᠢ ᠶᠢᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠰᠢᠨ᠎ᠡ ᠡᠨᠧᠷᠭᠢ ᠶᠢᠨ  ᠤᠶᠢᠯᠡᠰ ᠤᠨ ᠬᠡᠯᠲᠡᠰ ᠤᠨ ᠨᠠᠮ ᠤᠨ ᠬᠤᠷᠢᠶ᠎ᠠ ᠶᠢᠨ ᠱᠦᠵᠢ᠂  ᠭᠦᠢᠴᠡᠳᠭᠡᠬᠦ ᠬᠡᠷᠡᠭ ᠮᠡᠳᠡᠭᠴᠢ ᠫᠸᠢ ᠢᠦᠶ ᠳ᠋ᠦᠩ᠂ ᠬᠤᠲᠠ ᠶᠢᠨ ᠡᠯ᠎ᠡ ᠠᠷᠠᠳᠴᠢᠯᠠᠭᠰᠠᠨ ᠨᠠᠮ ᠪᠦᠯᠦᠭ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃
         ᠠᠵᠢᠯᠯᠠᠭ᠎ᠠ ᠶᠢᠨ ᠳᠤᠮᠳᠠ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ  ᠵᠠᠶᠠᠭᠠᠳᠤ ᠪᠠᠶᠠᠷ ᠤᠨ ᠦᠭᠡ ᠬᠡᠯᠡᠬᠦ ᠳᠡᠭᠡᠨ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠶ ᠭᠡᠵᠡᠶ᠃ ᠨᠢᠭᠡᠳᠦᠮᠡᠯ ᠹᠷᠣᠨᠲ ᠤᠨ ᠡᠯ᠎ᠡ ᠡᠲᠡᠭᠡᠳ ᠤᠨ ᠬᠥᠮᠦᠰ ᠶᠡᠷᠦ ᠠᠴᠠ ᠤᠯᠤᠰ ᠣᠷᠣᠨ ᠲᠠᠢ ᠠᠮᠢᠰᠬᠤᠭ᠎ᠠ ᠪᠠᠨ ᠨᠢᠭᠡᠳᠬᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ᠂ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠰᠢᠯᠢᠳᠡᠭ ᠤᠯᠠᠮᠵᠢᠯᠠᠯ ᠲᠠᠢ ᠪᠠᠶᠢᠳᠠᠭ᠃ ᠤᠢᠢᠷ᠎ᠠ ᠶᠢᠨ ᠵᠢᠯ ᠠᠴᠠ᠂ ᠳ᠋ᠠ ᠲᠠᠩ ᠪᠦᠯᠦᠭᠯᠡᠯ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠲᠤᠮᠤ ᠬᠡᠯᠪᠡᠷᠢ ᠶᠢᠨ ᠲᠥᠪ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠭᠦᠢᠴᠡᠳ ᠡᠭᠦᠷᠭᠡᠯᠡᠵᠦ᠂ ᠣᠨᠴᠠᠭᠠᠶᠢᠯᠠᠨ ᠤᠯᠠᠭᠠᠨᠴᠠᠪ ᠢ ᠬᠠᠯᠠᠮᠵᠢᠯᠠᠨ ᠬᠠᠶᠢᠷᠠᠯᠠᠵᠤ ᠶᠡᠬᠡᠪᠡᠷ ᠳᠡᠮᠵᠢᠭᠰᠡᠨ ᠢ ᠲᠣᠭᠠᠯᠠᠰᠢ ᠦᠭᠡᠢ ᠤᠯᠠᠨ ᠲᠣᠭᠠᠨ ᠳᠤ ᠳᠤᠷᠠᠳᠤᠭᠰᠠᠨ ᠪᠠᠶᠢᠨ᠎ᠠ᠃ ᠲᠣᠰ ᠤᠳᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠪᠣᠯ ᠪᠥᠬᠦ ᠬᠤᠲᠠ ᠶᠢᠨ ᠨᠢᠭᠡᠳᠦᠮᠡᠯ ᠹᠷᠣᠨᠲ ᠤᠨ ᠬᠢᠨ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠢᠳᠡᠪᠬᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠤ ᠪᠣᠳᠠᠲᠠᠶ ᠢᠯᠡᠷᠡᠯ ᠮᠥᠨ᠃ ᠡᠭᠦᠨ ᠤ ᠬᠠᠮᠲᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ ᠪᠠᠶᠢᠭᠤᠯᠤᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠥᠷᠭᠡᠨ ᠢᠶᠠᠷ ᠵᠣᠬᠢᠶᠠᠨ ᠪᠠᠶᠢᠭᠤᠯᠤᠨ ᠬᠦᠳᠦᠯᠦᠨ ᠵᠢᠯᠣᠭᠤᠳᠴᠤ᠂ ᠳᠡᠮᠵᠢᠬᠦ ᠦᠢᠯᠡᠴᠢᠯᠡᠭᠡ ᠶᠢ ᠪᠣᠳᠠᠲᠠᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠠᠮᠲᠤᠪᠠᠷ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
   ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠶᠠᠷᠢᠶᠠᠨ ᠳᠠᠭᠠᠨ᠂ ᠳ᠋ᠠ ᠲᠠᠩ ᠤᠨ ᠥᠪᠥᠷ ᠮᠣᠩᠭᠤᠯ ᠤᠨ ᠺᠣᠮᠫᠠᠨᠢ ᠶᠢᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠰᠢᠨ᠎ᠡ ᠡᠨᠧᠷᠭᠢ ᠶᠢᠨ ᠦᠢᠯᠡᠰ ᠤᠨ ᠬᠡᠯᠲᠡᠰ ᠤᠨ ᠬᠠᠨᠳᠢᠪᠯᠠᠨ ᠬᠦᠷᠭᠡᠭᠰᠡᠨ ᠠᠵᠢᠯᠯᠠᠭ᠎ᠠ ᠨᠢ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠷᠠᠳ ᠤᠨ ᠠᠮᠢᠳᠤᠷᠠᠯ ᠢ ᠬᠠᠯᠠᠮᠵᠢᠯᠠᠵᠤ ᠪᠠᠶᠢᠭ᠎ᠠ ᠰᠠᠶᠢᠨ ᠰᠠᠶᠢᠬᠠᠨ ᠲᠦᠷᠢ ᠲᠥᠷᠬᠦ ᠶᠢ ᠭᠦᠢᠴᠡᠳ ᠢᠯᠡᠷᠡᠭᠦᠯᠵᠦ᠂ ᠮᠠᠨ ᠤ ᠰᠢᠶᠠᠨ ᠤ ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃ ᠲᠡᠷᠡ ᠪᠠᠰᠠ ᠴᠢᠬᠤᠯᠠᠴᠢᠯᠠᠭᠰᠠᠨ ᠨᠢ᠂ ᠵᠠᠮ ᠤᠨ ᠳ᠋ᠧᠩ ᠢ ᠭᠠᠷᠭᠠᠭᠰᠠᠨ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠵᠤ ᠴᠢᠳᠠᠬᠤ ᠪᠠᠷ ᠪᠠᠷᠠᠬᠤ ᠦᠭᠡᠶ ᠪᠠᠰᠠ ᠬᠥᠳᠡᠭᠡ ᠲᠣᠰᠬᠤᠨ ᠤ ᠪᠦᠬᠦ᠋ᠢᠯᠡ ᠳᠦᠷᠢ ᠲᠥᠷᠬᠦ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠵᠦ ᠴᠢᠳᠠᠬᠤ ᠶᠤᠮ ᠭᠡᠵᠡᠶ᠃
      ᠯᠢᠦ ᠶᠢᠨ ᠲᠤᠤ ᠱᠦᠵᠢ ᠪᠠᠰᠠ᠂ ᠰᠢᠶᠠᠨ ᠤ ᠨᠠᠮ ᠤᠨ  ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠵᠢᠷᠠᠭᠤᠯᠵᠤ᠂ ᠥᠷᠭᠡᠨ ᠤᠯᠠᠨ ᠲᠠᠷᠢᠶᠠᠴᠢᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ ᠭᠡᠵᠦ ᠢᠯᠡᠳᠬᠡᠪᠡ᠃ ᠲᠡᠷᠡ ᠳ᠋ᠡ ᠲᠠᠩ ᠤᠨ ᠥᠪᠥᠷ ᠮᠣᠩᠭᠤᠯ ᠤᠨ ᠺᠣᠮᠫᠠᠨᠢ ᠶᠢᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠨ ᠤ ᠰᠢᠶᠠᠨ ᠤ ᠬᠥᠭᠵᠢᠯᠲᠡ ᠶᠢ ᠦᠷᠭᠦᠯᠵᠢᠯᠡᠨ ᠠᠩᠬᠠᠷᠤᠨ ᠳᠡᠮᠵᠢᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠬᠤ ᠶᠢ ᠬᠦᠰᠡᠪᠡ  ᠃
      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠳ᠋ᠠ ᠲᠠᠩ ᠤᠨ ᠥᠪᠥᠷ ᠮᠣᠩᠭᠤᠯ ᠤᠨ ᠺᠣᠮᠫᠠᠨᠢ ᠶᠢᠨ  ᠮᠧᠩ ᠰᠢ ᠡᠨᠧᠷᠭᠢ ᠶᠢᠨ  ᠤᠶᠢᠯᠡᠰ ᠤᠨ ᠬᠡᠯᠲᠡᠰ ᠠᠴᠠ ᠼᠤᠤ ᠨᠢᠶᠠᠨ ᠤ ᠮᠠᠨᠵᠤ ᠦᠨᠳᠦᠰᠦᠲᠡᠨ ᠤ ᠰᠢᠶᠠᠩ ᠳᠤ 68 ᠨᠡᠷᠡᠨ ᠡᠨᠧᠷᠭᠢ ᠶᠢᠨ ᠵᠠᠮ ᠤᠨ ᠳ᠋ᠧᠩ ᠬᠠᠨᠳᠢᠪᠯᠠᠵᠤ᠂ ᠬᠡᠰᠡᠭ ᠠᠶᠢᠯ ᠲᠣᠰᠬᠤᠨ ᠤ ᠵᠠᠮ ᠤᠨ ᠭᠡᠷᠡᠯᠲᠦᠭᠦᠯᠭᠡ ᠶᠢᠨ ᠠᠰᠠᠭᠤᠳᠠᠯ ᠢ ᠰᠢᠶ᠋ᠳᠪᠦᠷᠢᠯᠡᠵᠡᠶ᠃ ᠴᠠᠩ ᠬᠠᠨ ᠶᠢᠩ ᠲᠣᠰᠬᠤᠨ ᠤ ᠨᠠᠮ ᠤᠨ ᠡᠭᠦᠷ ᠤᠨ ᠨᠠᠮ ᠤᠨ ᠱᠦᠵᠢ ᠬᠤᠸᠠᠩ ᠭᠧᠨ ᠱᠧᠦ᠄ ᠠᠵᠤ ᠠᠬᠤᠶᠢᠯᠠᠯ ᠤᠨ ᠬᠢᠨ ᠪᠢᠳᠡᠨ ᠳᠤ ᠵᠠᠮ ᠤᠨ ᠳ᠋ᠧᠩ ᠬᠠᠨᠳᠢᠪᠯᠠᠵᠤ᠂ ᠤᠳᠤ ᠶᠠᠭ ᠤᠭᠰᠠᠷᠠᠵᠤ ᠪᠠᠶᠢᠨ᠎ᠠ᠂ ᠮᠠᠨ ᠤ ᠲᠣᠰᠬᠤᠨ ᠤ ᠠᠷᠠᠳ ᠤᠨ ᠤᠷᠤᠢ ᠭᠠᠳᠠᠭᠰᠢ ᠭᠠᠷᠬᠤ ᠳᠤ ᠮᠠᠰᠢ ᠶᠡᠭᠡ ᠲᠦᠭᠦᠮ ᠦᠵᠡᠭᠦᠯᠵᠡᠢ ᠭᠡᠪᠡ᠃
       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯᠲᠡᠨ ᠲᠣᠰᠬᠤᠨ ᠤ ᠠᠷᠠᠳ ᠲᠤ ᠳᠣᠲᠣᠷ ᠡᠮᠨᠡᠯᠭᠡ᠂ ᠭᠠᠳᠠᠷ ᠡᠮᠨᠡᠯᠭᠡ᠂ ᠡᠮᠡᠭᠲᠡᠢ ᠶᠢᠨ ᠰᠠᠯᠠᠭ᠎ᠠ᠂ ᠬᠡᠦᠬᠡᠳ ᠤᠨ ᠰᠠᠯᠠᠭ᠎ᠠ ᠵᠡᠷᠭᠡ ᠤᠯᠠᠨ ᠲᠠᠯ᠎ᠠ ᠶᠢᠨ ᠡᠮᠴᠢᠯᠡᠭᠡᠨ ᠤ ᠦᠢᠯᠡᠴᠢᠯᠡᠭᠡ ᠶᠢ ᠪᠠᠭᠲᠠᠭᠠᠭᠰᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠣᠯᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠵᠦ᠂ ᠲᠡᠳᠡᠨ ᠤ ᠡᠪᠡᠳᠴᠢᠨ ᠡᠮᠭᠡᠭ ᠢ ᠰᠡᠷᠭᠡᠶᠢᠯᠡᠬᠦ ᠪᠠ ᠡᠮᠨᠡᠨ ᠵᠠᠰᠠᠬᠤ ᠶᠢ ᠬᠠᠪᠰᠤᠷᠬᠤ ᠪᠠᠷ ᠵᠣᠷᠢᠯᠭ᠎ᠠ ᠪᠠᠨ ᠪᠣᠯᠭᠠᠵᠠᠢ᠃ ᠰᠢᠶᠠᠨ ᠤ ᠤᠯᠠᠭᠠᠨᠮᠥ᠋ᠴᠢᠷ ᠤᠨ ᠬᠢᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠷᠢᠯᠴᠠᠭ᠎ᠠ ᠪᠠ ᠨᠥᠬᠦᠷᠯᠡᠯ ᠢ ᠵᠤᠵᠠᠭᠠᠳᠬᠠᠵᠤ᠂ ᠲᠡᠳᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃ ᠡᠶᠢᠮᠦᠷᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ ᠲᠠᠮᠵᠢᠨ᠂ ᠳ᠋ᠠ ᠲᠠᠩ ᠥᠪᠥᠷ ᠮᠣᠩᠭᠤᠯ ᠤᠨ ᠺᠣᠮᠫᠠᠨᠢ ᠶᠢᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠰᠢᠨ᠎ᠡ ᠡᠨᠧᠷᠭᠢ ᠶᠢᠨ ᠰᠤᠷᠪᠤᠯᠵᠢ ᠶᠢ ᠨᠡᠶᠢᠭᠡᠮ ᠳᠤ ᠢᠳᠡᠪᠬᠢᠲᠡᠢ ᠪᠠᠷ ᠬᠠᠷᠢᠭᠤᠯᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡᠯᠡᠯ ᠢ ᠭᠦᠢᠴᠡᠳᠬᠡᠵᠡᠢ᠃
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2