ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠨ ᠵᠢᠷᠤᠮᠵᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨᠤᠶᠢᠯᠡ | ᠠᠵᠢᠯᠯᠠᠭ᠎ᠠ ᠶᠢ ᠪᠦᠲᠦᠮᠵᠢᠲᠡᠶ ᠪᠠᠭᠠᠰᠬᠠᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠵᠠᠮ ᠬᠠᠷᠢᠯᠴᠠᠭᠠᠨ ᠤ | ᠠᠳᠡᠯ ᠭᠠᠷᠬᠤ ᠶᠢ ᠡᠷᠡᠰ ᠬᠤᠷᠢᠭᠯᠠᠬᠤ ᠪᠠ ᠤᠷᠢᠳᠴᠢᠯᠠᠨ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠂ ᠠᠷᠠᠳ ᠢᠷᠭᠡᠳ ᠤᠨ ᠪᠣᠯᠪᠠᠰᠤᠨ ᠵᠠᠮ ᠬᠠᠷᠢᠯᠴᠠᠭᠠᠨ ᠤ | ᠦᠵᠡᠯ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠵᠦ᠂ ᠠᠮᠤᠷ ᠲᠦᠪᠰᠢᠨ᠂ ᠰᠠᠭᠠᠳ ᠥᠬᠡᠶ᠂ ᠪᠣᠯᠪᠠᠰᠤᠨ᠂ ᠡᠮᠬᠢ | ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ᠳᠣᠲᠣᠭᠠᠳᠤ ᠶᠢ ᠬᠠᠮᠠᠭᠠᠯᠠᠬᠤ ᠶᠠᠮᠤᠨ ᠢ ᠦᠨᠳᠦᠰᠦᠯᠡᠪᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠶᠠᠮᠤᠨ᠂ ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ ᠪᠠ ᠤᠯᠤᠰ ᠤᠨ ᠶᠠᠰᠤ ᠴᠢᠨᠠᠷ ᠤᠨ | ᠪᠠᠶᠢᠴᠠᠭᠠᠯᠲᠠ ᠶᠢᠨ ᠶᠡᠷᠦᠩᠬᠡᠶ ᠲᠣᠪᠴᠢᠶ᠎ᠠ︾ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶᠠᠷᠤᠯᠲᠠ ᠶᠢ | ᠴᠢᠩᠭᠠᠳᠬᠠᠬᠤ ᠲᠤᠬᠠᠶ ᠮᠡᠳᠡᠭᠳᠡᠯ︾ ︵ᠲᠥᠪ ᠵᠠᠷᠯᠠᠯ ᠦᠰᠦᠭ ﹇2011﹈ 10 ᠳ᠋ᠤᠭᠠᠷ ᠲᠣᠭᠠᠲᠤ︶᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ︽ | ᠳᠣᠤᠷ᠎ᠠ ᠬᠤᠷᠳᠤᠴᠠᠲᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ | ᠮᠡᠳᠡᠭᠳᠡᠯ︾ ︵ᠠᠵᠤ ᠦᠢᠯᠡᠳᠪᠦᠷᠢᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠨ ᠤᠭᠰᠠᠷᠠᠬᠤ ︹ 2018 | ︺ 227 ᠳ᠋ᠤᠭᠠᠷ ᠲᠣᠭᠠᠲᠤ︶᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ | ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ︾ ︵ᠤᠯᠤᠰ ᠪᠠ ᠬᠤᠲᠠ ᠶᠢᠨ ᠬᠢᠨᠠᠨ ᠪᠠᠶᠢᠴᠠᠭᠠᠬᠤ ᠪᠠᠷᠢᠮᠵᠢᠶ᠎ᠠ | ᠡᠭᠦᠳᠬᠦ ︹ 2019 ︺ 53 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ᠂ ᠰᠤᠳᠤᠯᠬᠤ ᠪᠠᠷ ᠲᠠᠮᠵᠢᠨ᠂ | ᠯᠢᠶᠠᠩᠴᠧᠩ ᠰᠢᠶᠠᠨ ᠤ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠶᠡᠷᠦᠩᠬᠡᠶᠢᠯᠡᠨ ᠵᠠᠰᠠᠬᠤ | ᠠᠵᠢᠯ ᠢ ᠥᠷᠨᠢᠭᠦᠯᠬᠦ ᠪᠠᠷ ᠲᠣᠭᠲᠠᠪᠠ᠂ ᠤᠳᠤ ᠬᠤᠯᠪᠣᠭᠳᠠᠯ ᠪᠦᠭᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠲᠣᠰ ᠵᠠᠷᠯᠠᠯ ᠢ ᠨᠡᠶᠢᠲᠡᠯᠡᠭᠰᠡᠨ ᠠᠴᠠ ᠡᠬᠢᠯᠡᠨ ᠲᠣᠰ ᠡᠳᠦᠷ ᠠᠴᠠ ᠡᠬᠢᠯᠡᠨ ᠯᠢᠶᠠᠩᠴᠧᠩ ᠰᠢᠶᠠᠨ ᠤ | ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠳᠡᠩᠰᠡᠯᠡᠨ ᠫᠠᠶᠢᠰᠠ ᠡᠯᠭᠦᠬᠦ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠥᠷᠨᠢᠭᠦᠯᠵᠦ᠂ ᠲᠣᠰ ᠵᠠᠷᠯᠠᠯ ᠢ ᠨᠡᠶᠢᠲᠡᠯᠡᠭᠰᠡᠨ 30 ᠡᠳᠦᠷ ᠤᠨ ᠳᠣᠲᠣᠷ᠎ᠠ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢ ᠨᠢᠭᠡᠳᠦᠯᠲᠡᠶ ᠳᠡᠩᠰᠡᠯᠡᠨ ᠫᠠᠶᠢᠰᠠ ᠡᠯᠭᠦᠬᠦ ᠰᠢᠯᠵᠢᠯᠲᠡ ᠶᠢᠨ ᠬᠤᠭᠤᠴᠠᠭ᠎ᠠ | ᠪᠣᠯᠭᠠᠵᠤ᠂ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠡᠩᠰᠡᠯᠡᠨ ᠲᠡᠮᠳᠡᠭᠯᠡᠭᠦᠯᠦᠭᠰᠡᠨ ᠥᠬᠡᠶ ᠪᠣᠶ | ᠪᠥᠬᠦᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ︵ᠴᠠᠬᠢᠯᠭᠠᠨ ᠬᠥᠳᠡᠯᠭᠡᠭᠦᠷᠲᠦ ᠬᠤᠶᠠᠷ ᠬᠦᠷᠳᠦᠲᠦ ᠬᠥᠩᠭᠡᠨ | ᠮᠣᠲ᠋ᠣᠷ ᠲᠡᠷᠭᠡ ᠪᠠᠭᠲᠠᠨ᠎ᠠ︶ ᠶᠢ ᠵᠠᠮ ᠳᠤ ᠭᠠᠷᠭᠠᠵᠤ ᠶᠠᠪᠤᠭᠤᠯᠬᠤ ᠶᠢ ᠴᠢᠩᠭ᠎ᠠ ᠴᠠᠭᠠᠵᠠᠯᠠᠨ᠎ᠠ᠃ ᠲᠣᠭᠲᠠᠭᠠᠯ ᠠᠴᠠ | ᠵᠥᠷᠢᠴᠡᠨ ᠵᠠᠮ ᠳᠤ ᠭᠠᠷᠤᠭᠰᠠᠨ ᠵᠢᠴᠢ ᠣᠯᠠᠨ ᠨᠡᠶᠢᠲᠡ ᠶᠢᠨ ᠲᠠᠯᠠᠪᠤᠷ ᠲᠤ ᠵᠣᠭᠰᠣᠭᠠᠭᠰᠠᠨ ᠫᠠᠶᠢᠰᠠ ᠥᠬᠡᠶ | ᠴᠠᠬᠢᠯᠭᠠᠨ ᠬᠥᠳᠡᠯᠭᠡᠭᠦᠷᠲᠦ ᠲᠡᠷᠭᠡ ᠶᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠠᠴᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠣᠭᠲᠠᠭᠰᠠᠨ ᠲᠡᠷᠭᠡᠨ ᠵᠣᠭᠰᠣᠭᠠᠯ ᠳᠤ | ᠨᠢᠭᠡᠳᠦᠯᠲᠡᠶ ᠦᠯᠡᠳᠡᠭᠡᠨ ᠠᠪᠴᠤ᠂ ᠫᠠᠶᠢᠰᠠ ᠡᠯᠭᠦᠭᠰᠡᠨ ᠤ ᠳᠠᠷᠠᠭ᠎ᠠ ᠲᠠᠯᠪᠢᠵᠤ ᠶᠠᠪᠤᠭᠤᠯᠤᠨ᠎ᠠ᠃ | ᠬᠤᠶᠠᠷ᠂ ᠫᠠᠶᠢᠰᠠ ᠡᠯᠭᠦᠬᠦ ᠳᠤ ᠬᠢᠷᠢ ᠲᠡᠩᠴᠡᠭᠰᠡᠨ ᠭᠠᠷᠴᠠᠭ ᠲᠤ ᠲᠡᠮᠳᠡᠭᠯᠡᠭᠦᠯᠦᠭᠰᠡᠨ ᠥᠬᠡᠶ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ︵︽ᠪᠠᠷᠢᠮᠵᠢᠶ᠎ᠠ ᠠᠴᠠ ᠬᠡᠲᠦᠷᠡᠭᠰᠡᠨ︾ ᠴᠠᠬᠢᠯᠭᠠᠨ ᠬᠥᠳᠡᠯᠭᠡᠭᠦᠷᠲᠦ ᠲᠡᠷᠭᠡ᠂ | ᠨᠣᠮᠧᠷ ᠥᠬᠡᠶ ᠴᠠᠬᠢᠯᠭᠠᠨ ᠬᠥᠳᠡᠯᠭᠡᠭᠦᠷᠲᠦ ᠲᠡᠷᠭᠡ︶ ᠳᠤ ᠰᠢᠯᠵᠢᠯᠲᠡ ᠶᠢᠨ ᠬᠤᠭᠤᠴᠠᠭᠠᠨ ᠤ ᠬᠠᠮᠢᠶᠠᠷᠤᠯᠲᠠ ᠪᠠ | ᠣᠨᠴᠠᠭᠠᠶ ᠨᠣᠮᠧᠷ ᠤᠨ ᠫᠠᠶᠢᠰᠠ ᠶᠢᠨ ᠳᠡᠩᠰᠡᠯᠡᠯᠲᠡ ᠶᠢ ᠬᠡᠷᠡᠭᠵᠢᠭᠦᠯᠵᠦ᠂ ᠰᠢᠯᠵᠢᠯᠲᠡ ᠶᠢᠨ ᠬᠤᠭᠤᠴᠠᠭ᠎ᠠ ᠶᠢ 2023 | ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠬᠢᠵᠠᠭᠠᠷᠯᠠᠨ᠎ᠠ᠂ ᠰᠢᠯᠵᠢᠯᠲᠡ ᠶᠢᠨ ᠬᠤᠭᠤᠴᠠᠭ᠎ᠠ ᠶᠢ | ᠳᠠᠭᠤᠰᠬᠠᠭᠰᠠᠨ ᠤ ᠳᠠᠷᠠᠭ᠎ᠠ ᠤᠯᠤᠰ ᠤᠨ ᠪᠠᠷᠢᠮᠵᠢᠶ᠎ᠠ ᠪᠤᠰᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠠᠮ ᠳᠤ | ᠭᠠᠷᠭᠠᠵᠤ ᠶᠠᠪᠤᠭᠤᠯᠬᠤ ᠶᠢ ᠴᠠᠭᠠᠵᠠᠯᠠᠨ᠎ᠠ᠃ | ᠭᠤᠷᠪᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ︵ᠴᠠᠬᠢᠯᠭᠠᠨ ᠬᠥᠳᠡᠯᠭᠡᠭᠦᠷᠲᠦ ᠬᠤᠶᠠᠷ ᠬᠦᠷᠳᠦᠲᠦ | ᠬᠦᠩᠭᠡᠠ ᠮᠣᠲ᠋ᠣᠷ ᠲᠡᠷᠭᠡ ᠪᠠᠭᠲᠠᠨ᠎ᠠ︶ ᠨᠢ ᠮᠠᠰᠢᠨᠲᠤ ᠲᠡᠷᠭᠡᠨ ᠤ ᠵᠡᠮ ᠪᠠ ᠮᠠᠰᠢᠨᠲᠤ ᠪᠤᠰᠤ ᠲᠡᠷᠭᠡᠨ ᠤ ᠵᠡᠮ ᠢ | ᠬᠤᠪᠢᠶᠠᠷᠢᠯᠠᠬᠤ ᠵᠡᠮ ᠢᠶᠠᠷ ᠶᠠᠪᠤᠬᠤ ᠳᠠᠭᠠᠨ ᠡᠷᠬᠡᠪᠰᠢ ᠮᠠᠰᠢᠨᠲᠤ ᠪᠤᠰᠤ ᠲᠡᠷᠭᠡᠨ ᠤ ᠵᠡᠮ ᠢᠶᠠᠷ ᠶᠠᠪᠤᠬᠤ ᠬᠡᠷᠡᠭᠲᠡᠶ᠂ | ᠮᠠᠰᠢᠨᠲᠤ ᠲᠡᠷᠭᠡᠨ ᠤ ᠵᠡᠮ ᠪᠠ ᠮᠠᠰᠢᠨᠲᠤ ᠪᠤᠰᠤ ᠲᠡᠷᠭᠡᠨ ᠤ ᠵᠡᠮ ᠢ ᠬᠤᠪᠢᠶᠠᠷᠢᠯᠠᠭᠠᠳᠤᠶ ᠵᠡᠮ ᠢᠶᠠᠷ ᠶᠠᠪᠤᠬᠤ ᠳᠠᠭᠠᠨ | ᠡᠷᠬᠡᠪᠰᠢ ᠵᠡᠮ ᠤᠨ ᠪᠠᠷᠠᠭᠤᠨ ᠲᠠᠯ᠎ᠠ ᠪᠠᠷ ᠶᠠᠪᠤᠬᠤ ᠬᠡᠷᠡᠭᠲᠡᠶ᠂ ᠮᠠᠰᠢᠨᠲᠤ ᠲᠡᠷᠭᠡᠨ ᠤ ᠵᠡᠮ ᠳᠤ ᠣᠷᠣᠵᠤ ᠰᠣᠯᠪᠢᠴᠠᠨ | ᠶᠠᠪᠤᠬᠤ ᠶᠢ ᠴᠢᠩᠭ᠎ᠠ ᠴᠠᠭᠠᠵᠠᠯᠠᠨ᠎ᠠ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠰᠡᠷᠭᠦ ᠴᠢᠭᠯᠡᠯ ᠢᠶᠠᠷ ᠶᠠᠪᠤᠬᠤ᠂ | ᠬᠡᠲᠦ ᠬᠤᠷᠳᠤᠴᠠ ᠪᠠᠷ ᠶᠠᠪᠤᠬᠤ᠂ ᠤᠯᠠᠭᠠᠨ ᠳ᠋ᠧᠩ ᠢ ᠳᠠᠭᠠᠷᠢᠬᠤ ᠪᠠ ᠵᠠᠮ ᠤᠨ ᠠᠭᠤᠯᠵᠠᠷ ᠲᠤ ᠮᠤᠷᠦ᠋ᠢᠬᠤ ᠪᠤᠶᠤ | ᠡᠷᠭᠢᠬᠦ ᠦᠶ᠎ᠡ ᠳᠤ ᠲᠣᠭᠲᠠᠭᠠᠯ ᠶᠣᠰᠣᠭᠠᠷ ᠶᠠᠪᠤᠬᠤ ᠥᠬᠡᠶ ᠪᠠᠶᠢᠬᠤ ᠶᠢ ᠴᠢᠩᠭ᠎ᠠ ᠴᠠᠭᠠᠵᠠᠯᠠᠨ᠎ᠠ᠃ ᠵᠣᠭᠰᠣᠭᠠᠬᠤ | ᠳᠤᠬᠢᠶ᠎ᠠ ᠲᠣᠬᠢᠶᠠᠯᠳᠤᠪᠠᠯ᠂ ᠵᠠᠮ ᠤᠨ ᠠᠭᠤᠯᠵᠠᠷ ᠤᠨ ᠵᠣᠭᠰᠣᠭᠠᠬᠤ ᠱᠤᠭᠤᠮ ᠤᠨ ᠭᠠᠳᠠᠨ᠎ᠠ ᠳᠡᠰ ᠳᠠᠷᠠᠭ᠎ᠠ ᠲᠠᠢ ᠪᠠᠷ | ᠵᠣᠭᠰᠣᠭᠠᠬᠤ ᠬᠡᠷᠡᠭᠲᠡᠶ᠃ | ᠲᠦᠷᠪᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ︵ᠴᠠᠬᠢᠯᠭᠠᠨ ᠬᠥᠳᠡᠯᠭᠡᠭᠦᠷᠲᠦ ᠬᠤᠶᠠᠷ ᠬᠦᠷᠳᠦᠲᠦ | ᠬᠦᠡᠭᠭᠡᠨ ᠮᠣᠲ᠋ᠣᠷ ᠪᠠᠭᠲᠠᠨ᠎ᠠ︶ ᠳᠤ ᠰᠠᠭᠤᠬᠤ ᠬᠥᠮᠦᠰ ᠡᠷᠬᠡᠪᠰᠢ ᠠᠶᠤᠯᠭᠦᠶ ᠶᠢᠨ ᠳᠤᠭᠤᠯᠠᠭ᠎ᠠ ᠵᠡᠭᠦᠬᠦ ᠬᠡᠷᠡᠭᠲᠡᠶ᠂ | ᠠᠶᠤᠯᠭᠦᠶ ᠶᠢᠨ ᠳᠤᠭᠤᠯᠠᠭ᠎ᠠ ᠵᠡᠭᠦᠭᠰᠡᠨ ᠦᠭᠡᠢ ᠪᠠᠷ ᠵᠠᠮ ᠢᠶᠠᠷ ᠶᠠᠪᠤᠭᠰᠠᠨ ᠪᠠᠶᠢᠪᠠᠯ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠰᠡᠷᠡᠮᠵᠢ ᠥᠭᠬᠦ ᠪᠠ ᠰᠢᠳᠬᠡᠯ | ᠥᠭᠭᠦᠨ᠎ᠡ᠃ | ᠲᠠᠪᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠰᠠᠨ ᠵᠣᠭᠰᠣᠭᠠᠯ ᠳᠡᠭᠡᠷ᠎ᠡ ᠵᠣᠭᠰᠣᠭᠠᠬᠤ ᠶᠢᠨ | ᠬᠠᠮᠲᠤ ᠨᠢᠭᠡᠳᠦᠯᠲᠡᠶ ᠴᠢᠭᠯᠡᠯ ᠢᠶᠠᠷ ᠲᠡᠰ ᠳᠠᠷᠠᠭᠠᠯᠠᠨ ᠵᠣᠭᠰᠣᠭᠠᠨ᠎ᠠ︔ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ | ᠵᠣᠭᠰᠣᠭᠠᠬᠤ ᠭᠠᠵᠠᠷ ᠭᠠᠷᠭᠠᠭᠰᠠᠨ ᠤᠢᠭᠡᠢ ᠪᠠᠶᠢᠪᠠᠯ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ | ᠵᠣᠭᠰᠣᠭᠠᠬᠤ ᠳᠠᠭᠠᠨ ᠵᠡᠮ ᠬᠠᠷᠢᠯᠴᠠᠭᠠᠨ ᠤ ᠡᠮᠬᠢ ᠵᠢᠷᠤᠮ ᠪᠠ ᠵᠡᠮ ᠨᠡᠪᠲᠡᠷᠡᠯᠭᠡ ᠶᠢᠨ ᠠᠮᠤᠷ ᠲᠦᠪᠰᠢᠨ ᠢ | ᠬᠠᠷᠰᠢᠯᠠᠵᠤ ᠪᠣᠯᠬᠤ ᠤᠢᠭᠡᠢ᠃ | ᠵᠢᠷᠭᠤᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ | ᠪᠣᠷᠣᠯᠠᠭᠤᠯᠬᠤ ᠤᠶᠢᠯᠡᠳᠭᠦᠨ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ᠂ ᠤᠶᠢᠯᠡᠳᠭᠦᠨ ᠤ ᠭᠠᠷᠴᠠᠭ ᠲᠤ ᠣᠷᠣᠭᠤᠯᠤᠭᠰᠠᠨ ᠥᠬᠡᠶ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠤᠶᠢᠯᠡᠳᠭᠦᠨ ᠢ ᠪᠣᠷᠣᠯᠠᠭᠤᠯᠵᠤ ᠪᠣᠯᠬᠤ ᠥᠬᠡᠶ᠃ ᠣᠲᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ | ᠪᠠᠷᠢᠮᠵᠢᠶ᠎ᠠ ᠳᠤ ᠨᠡᠶᠢᠴᠡᠭᠰᠡᠨ ᠤᠶᠢᠯᠡᠳᠭᠦᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢ ᠫᠠᠶᠢᠰᠠ ᠲᠠᠢ ᠪᠠᠷ ᠪᠣᠷᠣᠯᠠᠭᠤᠯᠬᠤ ᠬᠡᠷᠡᠭᠲᠡᠶ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ | ᠯᠢᠶᠠᠩᠴᠧᠩ ᠰᠢᠶᠠᠨ ᠤ ᠬᠢᠨ ᠳᠤᠭᠤᠶ ᠲᠡᠷᠭᠡᠨ ᠤ ᠣᠶᠤᠨᠴᠢ ᠶᠡᠷᠦᠩᠬᠡᠶᠢᠯᠡᠭᠰᠡᠨ | ᠬᠠᠮᠢᠶᠠᠷᠤᠯᠲᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ | 2023 ᠣᠨ ᠤ 8 ᠰᠠᠷ᠎ᠠ ᠶᠢᠨ 9 ᠤ ᠡᠳᠦᠷ |