ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ ᠢᠦᠢ ᠴᠠᠩ ᠬᠤᠩ ᠨᠠᠷ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/9
   8 ᠰᠠᠷ᠎ᠠ ᠶᠢᠨ 8 ᠤ ᠡᠳᠦᠷ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ ᠢᠦᠢ ᠴᠠᠩ ᠬᠤᠩ᠂ ᠭᠤᠸᠠᠩᠮᠢᠩ ᠡᠳᠦᠷ ᠤᠨ ᠰᠣᠨᠢᠨ ᠤ ᠥᠪᠥᠷ ᠮᠣᠩᠭᠤᠯ ᠳᠠᠬᠢ ᠰᠤᠷᠪᠤᠯᠵᠢᠯᠠᠭᠴᠢ ᠶᠢᠨ ᠦᠷᠳᠡᠭᠡ ᠶᠢᠨ ᠳᠠᠷᠤᠭ᠎ᠠ ᠭᠤᠤ ᠫᠢᠩ ᠨᠡᠷ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠤ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠢ᠂ ᠰᠢᠶᠠᠨ ᠤ ᠤᠳᠤᠷᠢᠳᠤᠯᠭ᠎ᠠ ᠯᠢᠦ ᠶᠢᠨ ᠲᠤᠤ᠂ ᠷᠧᠨ ᠳ᠋ᠦᠩ ᠮᠢᠩ᠂ ᠸᠠᠩ ᠵᠢᠶᠦ᠋ᠨ ᠶᠦᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃
     ᠢᠦᠢ ᠴᠠᠩ ᠬᠤᠩ ᠨᠠᠷ ᠤᠷᠢᠳ ᠬᠤᠵᠢᠳ ᠭᠦᠩ ᠪᠠ ᠾᠧ ᠭᠤᠣᠯ ᠤᠨ ᠤᠰᠤ ᠭᠠᠷᠬᠤ ᠠᠮᠠᠰᠠᠷ ᠵᠢᠴᠢ  ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ᠂  ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂  ᠲᠠᠭ᠎ᠠ ᠶᠢᠨ ᠨᠠᠭᠤᠷ‌ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯᠯᠠᠭᠠᠨ ᠤ ᠪᠠᠶᠢᠳᠠᠯ ᠵᠢᠴᠢ ᠢᠨᠵᠧᠨᠧᠷᠢᠩ ᠢ ᠬᠡᠷᠡᠭᠵᠢᠭᠦᠯᠦᠭᠰᠡᠨ ᠨᠢ  ᠲᠠᠭ᠎ᠠ ᠶᠢᠨ ᠨᠠᠭᠤᠷ ᠵᠢᠴᠢ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠦᠵᠡᠭᠦᠯᠦᠭᠰᠡᠨ ᠦᠢᠯᠡᠳᠦᠯ ᠢ ᠨᠠᠷᠢᠨ ᠣᠶᠢᠯᠠᠭᠠᠪᠠ᠃    ᠢᠦᠢ ᠴᠠᠩ ᠬᠤᠩ ᠨᠠᠷ ᠪᠠᠰᠠ  ᠲᠠᠭ᠎ᠠ ᠶᠢᠨ  ᠨᠠᠭᠤᠷ ᠤᠨ ᠤᠰᠤᠨ ᠤ ᠴᠢᠨᠠᠷ ᠤᠨ ᠭᠦᠢᠴᠡᠳᠬᠡᠯ ᠲᠤᠭ᠎ᠠ ᠶᠢ ᠬᠢᠨᠠᠨ ᠬᠡᠮᠵᠢᠬᠦ᠂ ᠤᠰᠤᠨ ᠤ ᠴᠢᠨᠠᠷ ᠤᠨ ᠬᠤᠪᠢᠷᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃                                       ᠨᠠᠶᠢᠷᠠᠭᠤᠯᠤᠭᠴᠢ᠄  ᠯᠢ ᠬᠤᠩ ᠢᠦᠢ                                         ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2