ᠮᠠᠩᠬᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ᠄ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠬᠢᠨᠠᠨ ᠰᠢᠨᠵᠢᠵᠦ ᠪᠠᠶᠢᠴᠠᠭᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/10
   ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠠᠵᠢᠯᠯᠠᠭ᠎ᠠ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠴᠠᠭ ᠲᠤᠬᠠᠶ ᠳᠤᠨᠢ ᠡᠵᠡᠮᠰᠢᠬᠦ ᠶᠢᠨ ᠲᠦᠯᠦᠭᠡ᠂ ᠤᠶᠢᠷ᠎ᠠ ᠶᠢᠨ ᠡᠳᠦᠷ ᠤᠳ ᠲᠤ᠂ ᠮᠠᠩᠬᠠᠨ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠪᠥᠬᠦ ᠡᠮᠨᠡᠯᠭᠡ ᠶᠢᠨ ᠠᠵᠢᠯᠲᠠᠳ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠳᠤ ᠭᠦᠨᠵᠡᠭᠡᠶᠢᠷᠡᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠬᠢᠨᠠᠨ ᠪᠠᠶᠢᠴᠠᠭᠠᠬᠤ ᠠᠵᠢᠯ ᠢ ᠲᠤᠬᠠᠶ ᠶᠢᠨ ᠲᠠᠯᠠᠪᠤᠷ ᠲᠤ ᠥᠷᠨᠢᠭᠦᠯᠪᠡ᠃
         ᠲᠣᠰ ᠤᠳᠠᠭᠠᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠨᠠᠨ ᠰᠢᠯᠭᠠᠬᠤ ᠡᠲᠡᠭᠡᠳ ᠪᠣᠯ ᠪᠦᠬᠦᠯᠢ 15 — 69 ᠨᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠪᠣᠯᠤᠨ᠎ᠠ᠂ ᠡᠭᠦᠨ ᠳᠤ ᠭᠤᠤᠯ ᠠᠭᠤᠯᠭ᠎ᠠ ᠳᠤ ᠦᠨᠳᠦᠰᠦᠨ ᠡᠷᠡᠭᠦᠯ ᠮᠡᠨᠳᠦ ᠶᠢᠨ ᠮᠡᠳᠡᠯᠭᠡ ᠪᠠ ᠣᠶᠢᠯᠠᠭᠠᠭᠳᠠᠬᠤᠨ᠂ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠬᠢᠭᠡᠳ  ᠤᠶᠢᠯᠡ ᠠᠵᠢᠯᠯᠠᠭ᠎ᠠ᠂ ᠦᠨᠳᠦᠰᠦᠨ ᠤᠷ᠎ᠠ ᠴᠢᠳᠠᠪᠤᠷᠢ ᠵᠡᠷᠭᠡ ᠭᠤᠷᠪᠠᠨ ᠲᠠᠯ᠎ᠠ ᠪᠠᠭᠲᠠᠨ᠎ᠠ᠃ ᠬᠢᠨᠠᠨ ᠰᠢᠯᠭᠠᠬᠤ ᠳᠤ ᠡᠷᠦᠬᠡ ᠳᠤ ᠬᠦᠷᠴᠦ ᠰᠤᠷᠪᠤᠯᠵᠢᠯᠠᠬᠤ᠂ ᠨᠢᠭᠤᠷᠲᠠᠨ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠠᠷᠭ᠎ᠠ ᠮᠠᠶ᠋ᠢᠭ ᠢ ᠠᠪᠴᠤ᠂ ᠬᠠᠷᠢᠶᠠᠲᠤ ᠣᠷᠣᠨ ᠤ 48 ᠬᠥᠮᠦᠨ ᠢ ᠲᠣᠬᠢᠶᠠᠯᠳᠤᠯ ᠢᠶᠠᠷ ᠰᠣᠩᠭᠤᠨ ᠪᠠᠶᠢᠴᠠᠭᠠᠯᠲᠠ ᠬᠢᠬᠦ ᠡᠲᠡᠭᠡᠳ ᠢᠶᠠᠨ ᠪᠣᠯᠭᠠᠨ᠎ᠠ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠯᠭᠠᠬᠤ ᠶᠢᠨ ᠲᠥᠯᠥᠭᠡ᠂ ᠬᠢᠨᠠᠨ ᠬᠡᠮᠵᠢᠭᠰᠡᠨ ᠲᠤᠬᠠᠶ ᠶᠢᠨ ᠲᠠᠯᠠᠪᠤᠷ ᠲᠤ᠂ ᠪᠠᠶᠢᠴᠠᠭᠠᠭᠴᠢ ᠬᠢᠯᠪᠠᠷ ᠣᠶᠢᠯᠠᠭᠠᠮᠵᠢᠲᠠᠶ᠂ ᠣᠯᠠᠨ ᠲᠦᠮᠡᠨ ᠲᠠᠢ ᠣᠶᠢᠷᠠᠲᠤᠭᠰᠠᠨ ᠦᠭᠡ ᠬᠡᠯᠡ ᠪᠠᠷ ᠪᠠᠶᠢᠴᠠᠭᠠᠭᠳᠠᠬᠤ ᠡᠲᠡᠭᠡᠳ ᠲᠠᠢ ᠨᠡᠪᠲᠡᠷᠡᠯᠴᠡᠵᠦ᠂ ᠪᠠᠶᠢᠴᠠᠭᠠᠯᠲᠠ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠲᠡᠮᠳᠡᠭᠯᠡᠨ᠎ᠡ᠃    ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠤᠬᠠᠭᠤᠯᠤᠨ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠬᠤ ᠶᠢ ᠠᠬᠢᠭᠤᠯᠤᠨ᠂ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠪᠥᠬᠦ ᠠᠷᠠᠳ ᠢᠶᠠᠷ ᠢᠶᠠᠨ ᠡᠷᠡᠭᠦᠯ ᠮᠡᠨᠳᠦ ᠶᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠷᠡᠭᠦᠯ ᠮᠡᠨᠳᠦ ᠶᠢ ᠡᠭᠦᠳᠦᠨ ᠪᠠᠶᠢᠭᠤᠯᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ᠃                                  ᠨᠠᠶᠢᠷᠠᠭᠤᠯᠤᠭᠴᠢ᠄  ᠯᠢ ᠬᠤᠩ ᠢᠦᠢ                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2