9 ᠰᠠᠷ᠎ᠠ ᠶᠢᠨ 9 ᠤ ᠡᠳᠦᠷ᠂ ᠯᠢᠶᠠᠩᠴᠧᠩ ᠰᠢᠶᠠᠨ ᠤ 2023 ᠣᠨ ᠤ ᠥᠨᠳᠥᠷ ᠬᠡᠪ ᠪᠣᠯᠪᠠᠰᠤᠷᠠᠯ ᠲᠠᠢ | ᠲᠠᠷᠢᠶᠠᠴᠢᠳ ᠤᠨ ᠬᠥᠳᠡᠭᠡ ᠲᠣᠰᠬᠤᠨ ᠤ ᠵᠠᠰᠠᠯᠲᠠ ᠶᠢᠨ ᠳᠠᠭᠠᠭᠤᠯᠤᠭᠴᠢ ᠪᠠ ᠪᠠᠶᠠᠵᠢᠯ ᠤᠨ ᠳᠠᠭᠠᠭᠤᠯᠤᠭᠴᠢ ᠶᠢᠨ | ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤ ᠠᠴᠠ | ᠢᠷᠡᠭᠰᠡᠨ 89 ᠲᠣᠰᠬᠤᠨ ᠤ ᠬᠤᠶᠠᠷ ᠵᠥᠪᠯᠡᠯ ᠤᠨ ᠺᠠᠳ᠋ᠷ ᠪᠣᠯᠤᠨ ᠲᠠᠷᠢᠶᠠᠯᠠᠩ ᠤᠨ ᠥᠷᠲᠡᠭᠡᠨ ᠤ ᠳᠠᠷᠤᠭ᠎ᠠ ᠵᠢᠴᠢ | 106 ᠲᠠᠷᠢᠵᠦ ᠲᠡᠵᠢᠭᠡᠨ ᠦᠷᠡᠵᠢᠭᠦᠯᠬᠦ ᠲᠤᠮᠤ ᠡᠷᠦᠬᠡ ᠪᠣᠯᠪᠠᠰᠤᠷᠠᠯ ᠳᠤ ᠣᠷᠣᠯᠴᠠᠵᠠᠢ᠃ | | | | | ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 5 ᠡᠳᠦᠷ ᠪᠣᠯᠤᠨ᠎ᠠ᠂ ᠲᠤᠰᠬᠠᠶ ᠮᠡᠷᠭᠡᠵᠢᠯᠲᠡᠨ | ᠫᠷᠤᠹᠧᠰᠰᠤᠷ ᠢ ᠤᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠥᠪᠥᠷ ᠮᠣᠩᠭᠤᠯ ᠤᠨ | ᠲᠥᠮᠥᠰᠥ ᠶᠢᠨ ᠠᠵᠤ ᠤᠶᠢᠯᠡᠰ ᠤᠨ ᠣᠳᠣᠬᠢ ᠪᠠᠶᠢᠳᠠᠯ ᠵᠢᠴᠢ ᠰᠢᠨ᠎ᠡ ᠡᠭᠦᠯᠳᠡᠷ ᠤᠨ ᠬᠡᠷᠡᠭᠯᠡᠯᠲᠡ ᠶᠢᠨ ᠪᠠᠶᠢᠳᠠᠯ ᠤᠨ | ᠲᠣᠭᠤᠷᠢᠨ ᠳᠤ᠂ ᠠᠵᠤ ᠤᠶᠢᠯᠡᠰ ᠤᠨ ᠪᠣᠬᠢᠷᠲᠤᠯ ᠥᠬᠡᠶ ᠬᠥᠭᠵᠢᠯᠲᠡ᠂ ᠨᠡᠶᠢᠭᠡᠮᠴᠢᠯᠡᠭᠰᠡᠨ ᠤᠶᠢᠯᠡᠴᠢᠯᠡᠭᠡᠨ ᠤ | ᠴᠢᠳᠠᠪᠤᠷᠢ ᠶᠢᠨ ᠨᠢᠭᠡ ᠬᠤᠷᠰᠢᠶ᠎ᠠ ᠶᠢᠨ ᠨᠡᠶᠢᠲᠡᠯᠢᠭ ᠵᠢᠱᠢᠶ᠎ᠡ ᠶᠢ ᠳᠡᠭᠡᠭᠰᠢᠯᠡᠭᠦᠯᠵᠦ᠂ ᠲᠤᠬᠠᠶ ᠶᠢᠨ ᠭᠠᠵᠠᠷ ᠤᠨ ᠡᠬᠢ | ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠬᠠᠭᠤᠷᠠᠶ ᠪᠠᠷ ᠳᠠᠷᠢᠬᠤ ᠲᠠᠷᠢᠶᠠᠯᠠᠩ ᠤᠨ ᠳᠠᠪᠠᠭᠤᠯᠢᠭ ᠭᠠᠷᠤᠯᠲᠠ ᠶᠢᠨ | ᠣᠷᠣᠨ ᠢ ᠪᠣᠶ ᠪᠣᠯᠭᠠᠬᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠳᠠᠷᠢᠬᠤ ᠪᠠ ᠨᠣᠭᠤᠭᠠᠨ ᠳᠠᠷᠤᠰᠢ ᠤᠶᠢᠯᠡᠳᠬᠦ | ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠬᠤ ᠪᠣᠯᠤᠨ᠎ᠠ᠃ ᠬᠢᠴᠢᠶᠡᠯ ᠤᠨ ᠠᠭᠤᠯᠭ᠎ᠠ ᠪᠠᠶᠠᠯᠢᠭ᠂ | ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠥᠭᠵᠢᠶᠡᠨᠲᠡᠶ᠃ | ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠠᠵᠢᠯ ᠢ ᠥᠷᠨᠢᠭᠦᠯᠬᠦ ᠪᠠᠷ ᠳᠠᠮᠵᠢᠭᠤᠯᠵᠤ᠂ | ᠰᠤᠷᠤᠭᠴᠢᠳ ᠤᠨ ᠬᠠᠷᠠᠭ᠎ᠠ ᠶᠢ ᠪᠦᠲᠦᠮᠵᠢᠲᠡᠢ ᠥᠷᠭᠡᠳᠬᠡᠵᠦ᠂ ᠰᠤᠷᠤᠭᠴᠢᠳ ᠤᠨ ᠦᠵᠡᠯ ᠰᠠᠨᠠᠭ᠎ᠠ ᠤᠯᠤᠰ | ᠲᠦᠷᠦ ᠶᠢᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠨᠢᠭᠡ | ᠪᠦᠯᠦᠭ ᠮᠡᠷᠭᠡᠵᠢᠯ ᠮᠡᠳᠡᠬᠦ᠂ ᠡᠵᠡᠩᠨᠡᠬᠦ ᠳᠡᠭᠡᠨ ᠴᠢᠳᠠᠮᠠᠭᠠᠢ᠂ ᠬᠠᠮᠢᠶᠠᠷᠴᠤ ᠴᠢᠳᠠᠳᠠᠭ ᠦᠢᠯᠡᠳᠪᠦᠷᠢᠯᠡᠯ ᠤᠨ | ᠴᠢᠳᠠᠪᠤᠷᠢᠲᠠᠨ ᠪᠣᠯᠤᠨ ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠬᠦ ᠪᠠᠷ ᠴᠢᠷᠮᠠᠶᠢᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ | ᠪᠦᠳᠦᠭᠡᠨ ᠪᠠᠶᠢᠭᠤᠯᠬᠤ ᠳᠤ ᠪᠠᠲᠤ ᠪᠠᠬᠢ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |