ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠪᠦᠬᠦ ᠰᠢᠶᠠᠨ ᠤ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/9/10
   ᠣᠶᠢᠷ᠎ᠠ ᠳᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠪᠥᠬᠦ ᠰᠢᠶᠠᠨ ᠤ ᠬᠤᠪᠢᠰᠬᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃
        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠾᠧ ᠯᠦᠩ ᠤᠨ ᠬᠤᠪᠢᠰᠬᠠᠯ ᠤᠨ ᠠᠵᠢᠯᠯᠠᠭ᠎ᠠ ᠶᠢᠨ ᠳᠤᠷᠠᠰᠬᠠᠯ ᠤᠨ ᠣᠷᠳᠣᠨ ︵ᠬᠠᠭᠤᠴᠢᠨ ᠪᠠᠭᠤᠷᠢ︶ ᠪᠣᠯᠤᠨ ᠠᠨᠽᠢ ᠱᠠᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠤᠪᠢᠰᠬᠠᠯ ᠤᠨ ᠡᠬᠢ ᠪᠠᠶᠠᠯᠢᠭ ᠢᠶᠠᠷ ᠪᠦᠬᠦ ᠰᠢᠶᠠᠨ ᠤ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠢᠴᠢ ᠴᠢᠳᠠᠪᠬᠢ ᠦᠢᠯᠡᠳᠦᠯ ᠢ ᠪᠠᠳᠠᠷᠠᠭᠤᠯᠬᠤ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠲᠠᠯ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠦᠵᠡᠬᠦ ᠪᠠᠷ᠂ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠴᠢᠬᠤᠯᠠ ᠰᠤᠷᠭᠠᠨ ᠬᠥᠮᠦᠵᠢᠯ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠴᠢᠬᠤᠯᠠᠴᠢᠯᠠᠵᠤ᠂ ᠤᠯᠠᠨ ᠠᠷᠭ᠎ᠠ ᠬᠡᠮᠵᠢᠶ᠎ᠡ ᠪᠠᠷ ᠬᠤᠪᠢᠰᠬᠠᠯ ᠤᠨ ᠡᠬᠢ ᠪᠠᠶᠠᠯᠢᠭ ᠢ ᠠᠭᠤᠳᠠᠯᠤᠨ ᠬᠠᠮᠠᠭᠠᠯᠠᠵᠤ᠂ ᠬᠤᠪᠢᠰᠬᠠᠯ ᠤᠨ ᠡᠬᠢ ᠪᠠᠶᠠᠯᠢᠭ ᠢᠶᠠᠷ ᠪᠦᠬᠦ ᠰᠢᠶᠠᠨ ᠤ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ  ᠭᠡᠪᠡ᠃    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠷᠦᠢ ᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2