ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠦᠵᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/10
   9 ᠰᠠᠷ᠎ᠠ ᠶᠢᠨ 8 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠦᠵᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠵᠢᠶᠠᠨ ᠵᠢᠶᠦ᠋ᠨ᠂ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠷᠦᠢ ᠧ᠂ ᠢᠦᠢ ᠱᠦᠢ ᠮᠢᠩ᠂ ᠳ᠋ᠠᠢ ᠵᠢᠶᠠᠨ ᠵᠦᠩ᠂ ᠭᠤᠤ ᠵᠢᠶᠦ᠋ᠨ ᠲᠢᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
       ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠵᠡᠮᠳᠡᠭᠴᠦᠳ ᠤᠨ ᠬᠤᠯᠪᠣᠭ᠎ᠠ ᠶᠢᠨ ᠡᠷᠡᠭᠦᠯᠵᠢᠯ ᠤᠨ ᠲᠥᠪ᠂ ᠸᠠᠩ ᠬᠠᠢ ᠨᠡᠶᠢᠭᠡᠮ ᠲᠣᠭᠤᠷᠢᠭ᠂ ᠬᠠᠢ ᠭᠤᠤ ᠮᠠᠯ ᠠᠵᠤ ᠠᠬᠤᠢ ᠶᠢᠨ ᠳᠥᠷᠪᠡᠳᠦᠭᠡᠷ ᠬᠤᠭᠤᠴᠠᠭ᠎ᠠ᠂ ᠳ᠋ᠠ ᠲᠤ ᠲᠠᠢ — ᠨᠠᠨ ᠶᠢᠩ ᠲᠦᠩ ᠲᠣᠰᠬᠤᠨ ᠤ ᠵᠠᠮ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠤᠰᠤ ᠭᠠᠷᠬᠤ ᠠᠮᠠᠰᠠᠷ᠂ ᠸᠠᠩ ᠰᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠡᠢ᠃ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠰᠢᠶᠠᠨ ᠤ ᠠᠷᠠᠳ ᠤᠨ ᠠᠮᠢᠳᠤᠷᠠᠯ ᠤᠨ ᠵᠦᠢᠯᠡᠰ ᠤᠨ ᠨᠠᠶᠢᠳᠠᠪᠤᠷᠢᠵᠢᠭᠤᠯᠤᠯᠲᠠ᠂ ᠴᠢᠬᠤᠯᠠ ᠶᠡᠭᠡ ᠵᠦᠢᠯᠡᠰ ᠤᠨ ᠠᠵᠢᠯ ᠳᠠᠭᠤᠰᠤᠭᠰᠠᠨ᠂ ᠲᠠᠪᠤᠨ ᠵᠢᠱᠢᠶ᠎ᠡ ᠦᠵᠡᠭᠦᠯᠬᠦ ᠰᠢᠶᠠᠨ ᠤ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠣᠯᠤᠭᠰᠠᠨ ᠰᠢᠨ᠎ᠡ ᠠᠮᠵᠢᠯᠲᠠ ᠪᠦᠲᠦᠮᠵᠢ᠂ ᠭᠠᠷᠤᠭᠰᠠᠨ ᠰᠢᠨ᠎ᠡ ᠬᠤᠪᠢᠷᠠᠯᠲᠠ ᠶᠢ ᠪᠡᠶ᠎ᠡ ᠪᠠᠷ ᠢᠶᠠᠨ ᠣᠶᠢᠯᠠᠭᠠᠪᠠ᠃    ᠳᠠᠷᠠᠭ᠎ᠠ ᠨᠢ᠂ ᠯᠢᠶᠠᠩᠴᠧᠩ ᠰᠢᠶᠠᠨ ᠤ 2023 ᠣᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠳᠡᠭᠡᠷ᠎ᠡ᠂ ᠰᠢᠶᠠᠨ ᠤ ᠨᠠᠮ ᠤᠨ  ᠬᠤᠷᠢᠶ᠎ᠠ ᠶᠢᠨ ᠯᠧᠺᠲ᠋ᠣᠷ ᠤᠨ ᠪᠦᠯᠬᠦᠮ ᠤᠨ ᠯᠧᠺᠲ᠋ᠣᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠰᠣᠩᠭᠤᠨ ᠲᠣᠮᠢᠯᠠᠭᠰᠠᠨ ᠬᠠᠮᠲᠤᠷᠠᠭᠰᠠᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠬᠡᠷᠬᠢᠨ ᠭᠦᠢᠴᠡᠳᠬᠡᠬᠦ ᠶᠢᠨ ᠲᠣᠭᠤᠷᠢᠨ ᠳᠤ ᠲᠠᠶᠢᠯᠤᠮᠵᠢ ᠪᠠ ᠪᠣᠯᠪᠠᠰᠤᠷᠠᠯ ᠬᠢᠵᠡᠢ᠃    ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠨᠡᠩ ᠪᠦᠬᠦ ᠲᠠᠯ᠎ᠠ ᠶᠢᠨ ᠣᠶᠢᠯᠠᠭᠠᠯᠲᠠ ᠪᠠ ᠲᠠᠨᠢᠯᠲᠠ ᠲᠠᠢ ᠪᠤᠯᠵᠤ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2