ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠳᠤ ᠰᠢᠷᠭᠠᠭᠤ ᠬᠠᠲᠠᠭᠤᠵᠢᠯᠲᠠᠶ᠂ ᠰᠢᠷᠭᠠᠭᠤ | ᠬᠠᠲᠠᠭᠤᠵᠢᠯᠲᠠᠶ᠂ ᠯᠠᠪᠳᠠᠭᠤᠨ ᠪᠠᠲᠤᠲᠠᠶ᠂ ᠤᠷᠤᠭᠰᠢᠯᠠᠨ ᠳᠠᠪᠰᠢᠭᠰᠠᠨ ᠨᠢᠭᠡᠳᠦᠭᠡᠷ ᠹᠷᠣᠨᠲ ᠤᠨ ᠠᠵᠢᠯᠲᠠᠨ | ᠠᠵᠢᠯᠴᠢᠨ ᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠠᠵᠢᠯᠴᠢᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠭᠤᠶᠠᠴᠢ ᠦᠭᠡᠢ | ᠵᠢᠳᠬᠦᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠨᠡᠶᠢᠭᠡᠮ ᠳᠤ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠦᠢᠯᠡᠰ ᠢ ᠠᠩᠬᠠᠷᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠳᠡᠮᠵᠢᠬᠦ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠢ ᠬᠦᠨᠳᠦᠳᠬᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ 9 ᠰᠠᠷ᠎ᠠ ᠶᠢᠨ 8 ᠤ ᠡᠳᠦᠷ᠂ ᠯᠢᠶᠠᠩᠴᠧᠩ ᠰᠢᠶᠠᠨ ᠠᠷᠪᠠᠨ | ᠳᠣᠯᠣᠳᠤᠭᠠᠷ ᠬᠤᠭᠤᠴᠠᠭᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠤᠨ ᠪᠠᠶᠠᠷ ᠢ ᠪᠡᠯᠭᠡᠯᠡᠬᠦ | ᠶᠡᠭᠡ ᠬᠤᠷᠠᠯ ᠵᠢᠴᠢ ᠱᠠᠩᠨᠠᠯ ᠣᠯᠭᠤᠬᠤ ᠲᠣᠭᠯᠠᠯᠲᠠ ᠭᠠᠷᠭᠠᠪᠠ᠃ ᠰᠢᠶᠠᠨ ᠤ ᠤᠳᠤᠷᠢᠳᠤᠯᠭ᠎ᠠ ᠵᠠᠢ ᠵᠢᠢ ᠴᠢᠩ | ᠬᠤᠷᠠᠯ ᠳᠤ ᠣᠷᠣᠯᠴᠠᠵᠠᠢ᠃ | | | | | ᠱᠠᠩᠨᠠᠯ ᠣᠯᠭᠤᠬᠤ ᠶᠣᠰᠣᠯᠠᠯ ᠨᠢ ᠪᠠᠶᠠᠷ ᠬᠥᠷ ᠲᠠᠢ ᠳᠠᠭᠤᠤ ᠪᠥᠵᠢᠭ ︽ᠯᠢᠶᠠᠩᠴᠧᠩ ᠰᠢᠶᠠᠨ ᠢ ᠬᠦᠯᠢᠶᠡᠵᠦ | ᠪᠠᠶᠢᠶ᠎ᠠ︾ ᠭᠡᠬᠦ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ︽ᠰᠢᠨ᠎ᠡ ᠴᠠᠭ ᠦᠶ᠎ᠡ ᠳᠤ ᠡᠷᠡᠯᠬᠡᠭᠯᠡᠨ | ᠤᠷᠤᠭᠰᠢᠯᠠᠶ᠎ᠠ︾ ᠭᠡᠬᠦ ᠪᠥᠵᠢᠭ᠂ ︽ᠳᠠᠭᠤᠤ ᠨᠢᠰᠴᠦ ᠪᠠᠶᠢᠨ᠎ᠠ︾ ᠭᠡᠬᠦ ᠭᠤᠴᠣᠯᠠᠯ ᠳᠠᠭᠤᠤ᠂ ︽ᠡᠪ ᠬᠠᠮᠲᠤ ᠨᠠᠮ | ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠪᠣᠯᠤᠨ ︽ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯᠴᠢᠨ ᠤ ᠳᠠᠭᠤᠤ︾ ᠵᠡᠷᠭᠡ ᠲᠣᠭᠯᠠᠯᠲᠠ ᠨᠢ ᠣᠷᠴᠢᠨ ᠲᠣᠭᠤᠷᠢᠨ ᠤ ᠠᠷᠢᠭᠤᠨ | ᠴᠡᠪᠡᠷ ᠤᠨ ᠠᠵᠢᠯᠴᠢᠨ ᠤ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠪᠣᠯᠤᠨ ︽ᠬᠤᠳᠠ ᠶᠢᠨ ᠵᠢᠰᠦ ᠭᠤᠶᠣᠯᠠᠭᠴᠢ | ︾ ᠪᠣᠯᠬᠤ ᠡᠷᠬᠢᠮ ᠳᠡᠭᠡᠳᠦ ᠵᠠᠩ ᠰᠤᠷᠲᠠᠯ ᠢ ᠮᠠᠭᠲᠠᠨ ᠳᠠᠭᠤᠯᠠᠵᠤ᠂ ᠭᠤᠶᠢᠳᠠ ᠰᠠᠶᠢᠬᠠᠨ ᠲᠣᠭᠯᠠᠯᠲᠠ ᠨᠢ ᠲᠠᠶᠢᠰᠠᠨ | ᠳᠣᠣᠷᠠᠬᠢ ᠬᠠᠯᠠᠭᠤᠨ ᠠᠯᠠᠭ᠎ᠠ ᠲᠠᠰᠢᠯᠳᠠ ᠶᠢ ᠤᠯᠪᠠ᠃ | ᠱᠠᠩᠨᠠᠯ ᠣᠯᠤᠭᠰᠠᠨ ᠲᠥᠯᠥᠭᠡᠯᠡᠭᠴᠢ ᠵᠣᠣ ᠵᠢᠶᠠᠨ ᠸᠧᠨ | ᠥᠨᠥᠳᠦᠷ ᠪᠢ ᠬᠤᠳᠠ ᠶᠢᠨ ᠵᠢᠰᠦ ᠭᠤᠶᠣᠯᠠᠭᠴᠢ ᠶᠢᠨ ᠢᠷᠠᠭᠤ ᠠᠯᠳᠠᠷ ᠤᠨ ᠴᠣᠯᠠ ᠶᠢ ᠬᠦᠷᠳᠡᠭᠰᠡᠨ ᠳᠡᠭᠡᠨ | ᠮᠠᠰᠢ ᠪᠠᠶᠠᠷ ᠲᠠᠢ ᠪᠠᠶᠢᠨ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠦᠷᠭᠦᠯᠵᠢᠯᠡᠨ ᠰᠢᠷᠭᠠᠭᠤ | ᠬᠠᠲᠠᠭᠤᠵᠢᠯᠲᠠᠶ ᠪᠠᠷ ᠠᠵᠢᠯᠯᠠᠵᠤ᠂ ᠵᠡᠭᠡᠯᠢ ᠭᠤᠳᠤᠮᠵᠢ ᠨᠤᠭᠤᠳ᠂ ᠥᠨᠴᠥᠭ ᠪᠤᠯᠤᠩ ᠪᠦᠬᠦᠨ ᠢ ᠰᠠᠶᠢᠲᠤᠷ | ᠴᠡᠪᠡᠷᠯᠡᠵᠦ᠂ ᠠᠵᠢᠯ ᠦᠢᠯᠡᠰ ᠢᠶᠠᠨ ᠳᠡᠭᠡᠳᠦᠯᠡᠳᠡᠭ ᠬᠤᠳᠠ ᠶᠢᠨ ᠵᠢᠰᠦ ᠭᠤᠶᠣᠯᠠᠭᠴᠢ ᠪᠣᠯᠬᠤ ᠪᠣᠯᠤᠨ᠎ᠠ᠃ ᠪᠢ | ᠬᠤᠳᠠ ᠶᠢᠨ ᠵᠢᠰᠦ ᠭᠤᠶᠣᠯᠠᠭᠴᠢ ᠶᠢᠨ ᠢᠷᠠᠭᠤ ᠠᠯᠳᠠᠷ ᠤᠨ ᠴᠣᠯᠠ ᠬᠦᠷᠳᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ | ᠬᠤᠶᠢᠰᠢᠳᠠ ᠶᠢᠨ ᠠᠵᠢᠯ ᠤᠨ ᠳᠤᠮᠳᠠ ᠪᠠᠨ ᠦᠷᠭᠦᠯᠵᠢᠯᠡᠨ ᠰᠢᠷᠭᠠᠭᠤ ᠬᠠᠲᠠᠭᠤᠵᠢᠯᠲᠠᠶ ᠠᠵᠢᠯᠯᠠᠵᠤ᠂ ᠶᠡᠭᠡ ᠪᠠᠭ᠎ᠠ | ᠵᠡᠭᠡᠯᠢ ᠭᠤᠳᠤᠮᠵᠢ ᠨᠤᠭᠤᠳ᠂ ᠥᠨᠴᠥᠭ ᠪᠤᠯᠤᠩ ᠪᠦᠬᠦᠨ ᠢ ᠰᠠᠶᠢᠲᠤᠷ ᠴᠡᠪᠡᠷᠯᠡᠵᠦ᠂ ᠠᠵᠢᠯ ᠦᠢᠯᠡᠰ ᠢᠶᠠᠨ | ᠳᠡᠭᠡᠳᠦᠯᠡᠳᠡᠭ ᠬᠤᠳᠠ ᠶᠢᠨ ᠵᠢᠰᠦ ᠭᠤᠶᠣᠯᠠᠭᠴᠢ ᠪᠣᠯᠤᠨ᠎ᠠ ᠭᠡᠪᠡ᠃ | ᠲᠣᠰ ᠤᠳᠠᠭᠠᠨ ᠤ ᠱᠠᠩᠨᠠᠯ ᠣᠯᠭᠤᠬᠤ ᠶᠣᠰᠣᠯᠠᠯ ᠳᠤ ᠬᠤᠲᠠ ᠶᠢᠨ ᠵᠢᠰᠦ ᠭᠤᠶᠣᠯᠠᠭᠴᠢ᠂ ᠬᠠᠮᠤᠭ ᠤᠨ ᠭᠤᠶᠣ | ᠴᠡᠴᠡᠷᠯᠢᠭ ᠤᠨ ᠠᠵᠢᠯᠴᠢᠨ᠂ ᠬᠤᠲᠠ ᠶᠢᠨ ᠠᠵᠢᠯᠴᠢ ᠬᠥᠳᠡᠯᠮᠦᠷᠢᠴᠢ ᠬᠡᠷ ᠤᠨ ᠶᠠᠪᠤᠳᠠᠯ᠂ ᠰᠤᠷᠤᠯᠴᠠᠯᠭ᠎ᠠ ᠶᠢᠨ | ᠵᠢᠱᠢᠶᠡᠴᠢ᠂ ᠲᠡᠷᠢᠭᠦᠨ ᠤ ᠠᠵᠢᠯᠲᠠᠨ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠨᠡᠶᠢᠲᠡ 70 ᠭᠠᠷᠤᠶ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠬᠥᠬᠢᠭᠦᠯᠦᠨ ᠰᠠᠶᠢᠰᠢᠶᠠᠪᠠ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |