ᠪᠦᠬᠦ ᠰᠢᠶᠠᠨ ᠤ ᠥᠷᠭᠡᠨ ᠤᠯᠠᠨ ᠪᠠᠭᠰᠢ ᠨᠠᠷ ᠪᠠ ᠰᠤᠷᠭᠠᠨ ᠬᠥᠮᠦᠵᠢᠯ ᠤᠨ ᠠᠵᠢᠯᠲᠠᠳ ᠲᠤ ᠥᠭᠭᠦᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2023/9/10
   ᠪᠦᠬᠦ ᠰᠢᠶᠠᠨ ᠤ ᠥᠷᠭᠡᠨ ᠤᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠳᠠᠨ ᠪᠠ ᠠᠵᠢᠯ ᠠᠴᠠ ᠪᠠᠨ  ᠪᠠᠭᠤᠵᠤ ᠠᠮᠠᠷᠠᠭᠰᠠᠨ ᠪᠠᠭᠰᠢ ᠨᠠᠷ ᠲᠤ᠄    ᠠᠯᠲᠠᠨ ᠨᠠᠮᠤᠷ ᠤᠨ ᠤᠯᠠᠷᠢᠯ ᠳᠤ ᠥᠩᠭᠡ ᠢᠯᠭᠠᠷᠠᠨ᠂ ᠲᠤᠭᠤᠷ ᠭᠦᠢᠯᠡᠰᠦ ᠠᠩᠬᠢᠯᠤᠮ᠎ᠠ ᠦᠨᠦᠷ ᠬᠠᠩᠬᠤᠯᠤᠨ᠎ᠠ ᠃ 39  ᠳ᠋ᠦ᠋ᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠰᠢᠶᠠᠨ ᠤ ᠥᠷᠭᠡᠨ ᠣᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠲᠠᠨ ᠪᠣᠯᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠪᠠᠭᠰᠢ ᠠᠵᠢᠯᠲᠠᠨ ᠠᠵᠢᠯᠴᠢᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕    ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠮᠥᠨ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ ᠢᠨᠵᠧᠨᠧᠷᠢᠩ ᠪᠣᠯᠭᠠᠵᠤ᠂ ᠶᠠᠰᠤ ᠴᠢᠨᠠᠷ ᠢ ᠡᠷᠡᠰ ᠭᠤᠶᠢᠪᠢᠰᠢ ᠦᠭᠡᠢ ᠪᠠᠷ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠥᠭᠡᠷᠡᠴᠢᠯᠡᠯᠲᠡ ᠶᠢ ᠠᠳᠬᠤᠵᠤ᠂ ᠠᠮᠢᠳᠤᠯᠢᠭ ᠬᠦᠴᠦᠨ ᠢ ᠬᠥᠭᠵᠢᠭᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ ᠪᠦᠬᠦ ᠬᠦᠴᠦᠨ ᠢᠶᠠᠷ ᠢᠶᠠᠨ ᠪᠠᠲᠤᠯᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠲᠠᠯ᠎ᠠ ᠪᠠᠷ ᠡᠩ ᠲᠡᠷᠢᠭᠦᠨ ᠳᠤ ᠬᠠᠩᠭᠠᠵᠤ᠂ ᠡᠯ᠎ᠡ ᠲᠦᠷᠦᠯ ᠤᠨ ᠰᠤᠷᠭᠠᠨ ᠬᠥᠮᠦᠵᠢᠯ ᠢ ᠵᠣᠬᠢᠴᠠᠩᠭᠤᠢ ᠪᠠᠷ ᠬᠥᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤᠪᠤᠶᠢᠮ᠎ᠠ ᠦᠷ᠎ᠡ ᠪᠦᠲᠦᠮᠵᠢ ᠣᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠬᠢᠷᠢ ᠪᠦᠲᠦᠮᠵᠢ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠲᠤ ᠡᠳᠦᠷ ᠠᠴᠠ ᠡᠳᠦᠷ ᠥᠭᠡᠳᠡᠯᠡᠨ ᠬᠥᠭᠵᠢᠬᠦ ᠬᠠᠨᠳᠤᠰᠢ ᠲᠠᠢ ᠪᠣᠯᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠤᠨ ᠤᠶᠤᠨ ᠤᠬᠠᠭᠠᠨ ᠪᠣᠯᠤᠨ ᠬᠦᠴᠦ ᠬᠥᠯᠥᠰᠥ ᠶᠢ ᠰᠢᠩᠭᠡᠭᠡᠵᠦ ᠪᠠᠶᠢᠭ᠎ᠠ ᠶᠤᠮ᠃ ᠡ᠊ᠨᠳᠡ ᠪᠢᠳᠡ ᠥᠷᠭᠡᠨ ᠤᠯᠠᠨ ᠪᠠᠭᠰᠢ ᠨᠠᠷ ᠪᠠ ᠰᠤᠷᠭᠠᠨ ᠬᠥᠮᠦᠵᠢᠯ ᠤᠨ ᠠᠵᠢᠯᠲᠠᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠰᠢᠶᠠᠨ ᠢ ᠬᠥᠭᠵᠢᠭᠦᠯᠬᠦ ᠳᠤ ᠡᠷᠬᠡᠪᠰᠢ ᠤᠷᠢᠳᠠᠪᠠᠷ ᠰᠤᠷᠭᠠᠨ ᠬᠥᠮᠦᠵᠢᠯ ᠢ ᠴᠢᠬᠤᠯᠠᠴᠢᠯᠠᠵᠤ᠂ ᠰᠤᠷᠭᠠᠨ ᠬᠥᠮᠦᠵᠢᠯ ᠢ ᠴᠢᠬᠤᠯᠠᠴᠢᠯᠠᠬᠤ ᠳᠤ ᠡᠷᠬᠡᠪᠰᠢ ᠤᠷᠢᠳᠠᠪᠠᠷ ᠪᠠᠭᠰᠢ ᠶᠢ ᠬᠦᠴᠦᠷᠬᠡᠭᠵᠢᠭᠦᠯᠬᠦ ᠬᠡᠷᠡᠭᠲᠡᠶ᠃ ᠣᠳᠣᠬᠠᠨ ᠳᠤ᠂ ᠮᠠᠨ ᠤ ᠰᠢᠶᠠᠨ ᠨᠢᠭᠡᠨᠲᠡ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢᠶᠠᠨ ᠪᠦᠬᠦ ᠲᠠᠯ᠎ᠠ ᠪᠠᠷ ᠡᠬᠢᠯᠡᠭᠦᠯᠵᠦ᠂ ᠤᠯᠠᠨ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠠᠢ ᠬᠦᠰᠡᠯ ᠡᠷᠡᠮᠡᠯᠵᠡᠯ ᠥᠩᠭᠡᠷᠡᠭᠰᠡᠨ ᠤ ᠠᠯᠢ ᠴᠤ ᠦᠶ᠎ᠡ ᠶᠢᠨ ᠬᠢ ᠠᠴᠠ ᠴᠥᠮ ᠬᠠᠯᠠᠭᠤᠨ ᠳᠣᠲᠣᠨᠣ ᠪᠠᠶᠢᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠰᠤᠷᠭᠠᠨ ᠬᠥᠮᠦᠵᠢᠯ ᠢᠶᠠᠷ ᠰᠢᠶᠠᠨ ᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠤᠶᠠᠯᠳᠤᠭᠤᠯᠤᠨ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠨᠡᠩ ᠢᠯᠡᠭᠦᠦ ᠴᠢᠬᠤᠯᠠᠴᠢᠯᠠᠵᠤ᠂ ᠬᠠᠯᠠᠮᠵᠢᠯᠠᠨ ᠳᠡᠮᠵᠢᠵᠦ᠂ ᠪᠠᠭᠰᠢ ᠶᠢᠨ ᠬᠠᠷᠠᠭᠠᠯᠵᠠᠯ ᠢ ᠳᠡᠭᠡᠭᠰᠢᠯᠡᠭᠦᠯᠬᠦ᠂ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ  ᠬᠡᠮᠵᠢᠶ᠎ᠡ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠢᠲᠡᠭᠡᠯ ᠵᠣᠷᠢᠭ ᠨᠡᠮᠡᠷᠢᠯᠡᠵᠦ᠂ ᠬᠥᠳᠡᠯᠭᠡᠬᠦ ᠬᠦᠴᠦᠨ ᠨᠡᠮᠡᠷᠢᠯᠡᠵᠦ᠂ ᠥᠷᠭᠡᠨ ᠤᠯᠠᠨ ᠪᠠᠭᠰᠢ ᠶᠢ ᠦᠨᠡᠨᠬᠦ ᠠᠵᠢᠯ ᠤᠨ ᠪᠠᠶᠢᠷᠢ ᠳᠡᠭᠡᠷ᠎ᠡ ᠪᠠᠨ ᠵᠣᠯ ᠵᠢᠷᠭᠠᠯ ᠤᠨ ᠲᠦᠷᠦᠭᠳᠡᠯ ᠲᠠᠢ᠂ ᠠᠵᠢᠯ ᠦᠢᠯᠡᠰ ᠤᠨ ᠲᠠᠯ᠎ᠠ ᠪᠠᠷ ᠠᠮᠵᠢᠯᠲᠠ ᠶᠢᠨ ᠲᠦᠷᠦᠭᠳᠡᠯ ᠲᠠᠢ᠂ ᠨᠡᠶᠢᠭᠡᠮ ᠳᠡᠭᠡᠷ᠎ᠡ ᠢᠷᠠᠭᠤ ᠠᠯᠳᠠᠷ ᠤᠨ ᠲᠦᠷᠦᠭᠳᠡᠯ ᠲᠠᠢ ᠪᠣᠯᠭᠠᠵᠤ᠂ ᠪᠠᠭᠰᠢ ᠶᠢ ᠬᠥᠮᠦᠰ ᠢ ᠪᠢᠰᠢᠷᠡᠭᠦᠯᠦᠮ᠎ᠡ ᠠᠵᠢᠯ ᠮᠡᠷᠭᠡᠵᠢᠯ ᠪᠣᠯᠭᠠᠬᠤ ᠬᠡᠷᠡᠭᠲᠡᠢ᠃     ᠥᠷᠭᠡᠨ ᠤᠯᠠᠨ ᠪᠠᠭᠰᠢ ᠨᠠᠷ ᠨᠠᠮ ᠤᠨ ᠢᠶᠠᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠢᠶᠠᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠲᠠᠷᠬᠠᠨ ᠡᠭᠦᠷᠭᠡ ᠶᠢ ᠡᠭᠦᠷᠭᠡᠯᠡᠵᠦ᠂ ᠲᠦᠭ ᠲᠦᠮᠡᠨ ᠰᠤᠷᠤᠭᠴᠢᠳ᠂ ᠥᠷᠭᠡᠨ ᠤᠯᠠᠨ ᠭᠡᠷ ᠪᠦᠯᠢ ᠶᠢᠨ ᠬᠦᠰᠡᠯ ᠵᠡᠭᠦᠳᠦ ᠪᠣᠯᠤᠨ ᠢᠷᠠᠭᠤ ᠠᠯᠳᠠᠷ ᠢ ᠠᠴᠢᠶᠠᠯᠠᠵᠤ ᠪᠠᠶᠢᠳᠠᠭ᠃ ᠰᠢᠨ᠎ᠡ ᠴᠠᠭ ᠦᠶ᠎ᠡ᠂ ᠰᠢᠨ᠎ᠡ ᠬᠥᠭᠵᠢᠯᠲᠡ ᠪᠣᠯᠤᠨ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠦᠬᠦ ᠰᠢᠶᠠᠨ ᠤ ᠥᠷᠭᠡᠨ ᠤᠯᠠᠨ ᠪᠠᠭᠰᠢ ᠂ ᠰᠤᠷᠭᠠᠨ ᠬᠥᠮᠦᠵᠢᠯ ᠤᠨ ᠠᠵᠢᠯᠲᠠᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠢᠷᠠᠭᠤ ᠠᠯᠳᠠᠷᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠭᠤᠷᠪᠠᠨ ᠲᠤᠬᠤᠢ ᠶᠠᠷᠢᠶᠠᠨ ᠤ ᠲᠠᠪᠴᠠᠩ ᠢ ᠪᠠᠲᠤ ᠰᠠᠬᠢᠵᠤ᠂ ︽ᠲᠦᠷᠪᠡ ᠶᠢ ᠪᠦᠷᠢᠳᠦᠭᠦᠯᠬᠦ︾ ᠰᠠᠶᠢᠨ ᠪᠠᠭᠰᠢ ᠪᠣᠯᠬᠤ ᠪᠠᠷ ᠴᠢᠷᠮᠠᠶᠢᠵᠤ ᠂ ︽ᠲᠦᠷᠪᠡᠨ ᠵᠠᠮᠴᠢᠯᠠᠭᠴᠢ︾ ᠪᠤᠯᠵᠤ᠂ ᠦᠢᠯᠡ ᠠᠵᠢᠯᠯᠠᠭ᠎ᠠ ᠪᠠᠷ ᠢᠶᠠᠨ ᠦᠢᠯᠡᠰ ᠢᠶᠠᠨ ᠪᠦᠲᠦᠭᠡᠵᠦ᠂ ᠬᠠᠶᠢᠷ᠎ᠠ ᠰᠡᠳᠬᠢᠯᠭᠡ ᠪᠠᠷ ᠢᠶᠠᠨ ᠢᠷᠡᠭᠡᠳᠦᠢ ᠪᠠᠨ ᠴᠣᠭᠴᠠᠯᠠᠵᠤ᠂ ᠯᠢᠶᠠᠩᠴᠧᠩ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠬᠠᠮᠤᠭ ᠰᠡᠬᠦᠯ ᠳᠤ᠂ ᠪᠦᠬᠦ ᠰᠢᠶᠠᠨ ᠤ ᠥᠷᠭᠡᠨ ᠤᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠳᠠᠨ ᠪᠣᠯᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠪᠠᠭᠰᠢ ᠠᠵᠢᠯᠳᠠᠨ ᠠᠵᠢᠯᠴᠢᠨ ᠤ ᠪᠠᠶᠠᠷ ᠤᠨ ᠡᠳᠦᠷ ᠤᠨ ᠪᠠᠶᠠᠷ ᠬᠦᠷ ᠲᠠᠢ᠂ ᠠᠵᠢᠯ ᠦᠢᠯᠡᠰ ᠲᠡᠭᠡᠨ ᠤᠷᠤᠭᠰᠢᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠴᠢᠩ ᠰᠡᠳᠭᠢᠯ ᠠᠴᠠ ᠪᠠᠨ ᠬᠦᠰᠡᠵᠦ ᠪᠠᠶᠢᠨ᠎ᠠ᠃                        ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ                    ᠨᠠᠮ ᠤᠨ ᠬᠤᠷᠢᠶᠠᠨ ᠤ ᠱᠦᠵᠢ᠄ ᠯᠢᠦ ᠶᠢᠨ ᠲᠤᠤ                    ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ                      ᠤ ᠳᠠᠷᠤᠭ᠎ᠠ᠄ ᠵᠧᠩ ᠳ᠋ᠦᠩ ᠫᠢᠩ                        2023 ᠣᠨ ᠤ 9 ᠰᠠᠷ᠎ᠠ ᠶᠢᠨ 9 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2