ᠠᠯᠲᠠᠨ ᠨᠠᠮᠤᠷ ᠤᠨ ᠶᠢᠰᠦᠨ ᠰᠠᠷ᠎ᠠ ᠳᠤ᠂ ᠯᠢᠶᠠᠩᠴᠧᠩ ᠰᠢᠶᠠᠨ ᠤ ᠼᠤᠤ ᠨᠢᠶᠠᠨ ᠮᠠᠨᠵᠤ ᠦᠨᠳᠦᠰᠦᠲᠡᠨ ᠤ | ᠰᠢᠶᠠᠩ ᠡᠯᠪᠡᠭ ᠬᠤᠷᠢᠶᠠᠯᠲᠠ ᠶᠢᠨ ᠤᠯᠠᠷᠢᠯ ᠢᠶᠠᠨ ᠤᠭᠲᠤᠨ ᠠᠪᠴᠢᠷᠠᠵᠤ᠂ ᠲᠣᠰᠬᠤᠨ ᠤ ᠠᠷᠠᠳ ᠡᠳᠦᠷ ᠪᠦᠷᠢ | ᠬᠥᠳᠡᠭᠡ ᠶᠢᠨ ᠵᠥᠷᠢᠭ ᠵᠠᠮ ᠢᠶᠠᠷ ᠲᠠᠷᠢᠶᠠᠨ ᠳᠤᠮᠳᠠ ᠨᠠᠰᠢ ᠴᠠᠰᠢ ᠶᠠᠪᠤᠳᠠᠭ᠃ ᠭᠡᠲᠡᠯ᠎ᠡ ᠬᠡᠰᠡᠭ ᠲᠣᠰᠬᠤᠨ ᠳᠤ | ᠵᠠᠮ ᠤᠨ ᠳ᠋ᠧᠩ ᠲᠠᠭᠠᠷᠠᠭᠤᠯᠤᠭᠠᠳᠤᠶ ᠪᠣᠯᠬᠤᠷ ᠲᠣᠰᠬᠤᠨ ᠤ ᠰᠠᠭᠤᠭᠠᠯᠢ ᠠᠷᠠᠳ ᠰᠥᠨᠢ ᠪᠠᠷ ᠭᠠᠳᠠᠭᠰᠢ ᠭᠠᠷᠬᠤ ᠳᠤ | ᠲᠦᠢᠯ ᠤᠨ ᠳᠥᠭᠦᠮ ᠦᠭᠡᠢ ᠪᠠᠶᠢᠪᠠ᠃ ᠣᠯᠠᠨ ᠲᠦᠮᠡᠨ ᠤ ᠪᠣᠳᠠᠲᠠᠶ ᠬᠦᠴᠢᠷᠳᠡᠯ ᠢ ᠦᠨᠡᠨᠬᠦ ᠰᠢᠢᠳᠪᠤᠷᠢᠯᠡᠬᠦ ᠶᠢᠨ | ᠲᠥᠯᠥᠭᠡ᠂ ᠬᠤᠲᠠ᠂ ᠰᠢᠶᠠᠨ ᠤ ᠬᠤᠶᠠᠷ ᠱᠠᠲᠤᠨ ᠤ ᠨᠢᠭᠡᠳᠦᠮᠡᠯ ᠹᠷᠣᠨᠲ ᠤᠨ ᠬᠡᠯᠲᠡᠰ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠳ᠋ᠠ ᠲᠠᠩ ᠤᠨ ᠥᠪᠥᠷ ᠮᠣᠩᠭᠤᠯ ᠤᠨ ᠺᠣᠮᠫᠠᠨᠢ ᠶᠢᠨ ᠥᠪᠥᠷ | ᠮᠣᠩᠭᠤᠯ ᠤᠨ ᠪᠠᠷᠠᠭᠤᠨ ᠬᠡᠰᠡᠭ ᠤᠨ ᠰᠢᠨ᠎ᠡ ᠡᠨᠧᠷᠭᠢ ᠶᠢᠨ ᠦᠢᠯᠡᠰ ᠤᠨ ᠬᠡᠯᠲᠡᠰ ᠲᠠᠢ ᠬᠠᠮᠵᠢᠯᠴᠠᠨ ᠼᠤᠤ ᠨᠢᠶᠠᠨ | ᠮᠠᠨᠵᠤ ᠦᠨᠳᠦᠰᠦᠲᠡᠨ ᠤ ᠰᠢᠶᠠᠩ ᠳᠤ ᠳᠠᠬᠢᠨᠲᠠ ᠬᠠᠶᠢᠷ᠎ᠠ ᠬᠠᠯᠠᠮᠵᠢ ᠬᠦᠷᠲᠡᠭᠡᠭᠰᠡᠨ ᠪᠠᠶᠢᠨ᠎ᠠ᠃ ᠼᠤᠤ ᠨᠢᠶᠠᠨ | ᠲᠣᠰᠬᠤᠨ ᠵᠡᠷᠭᠡ 3 ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠰᠬᠤᠨ ᠳᠤ | ᠭᠡᠷᠡᠯᠲᠦᠭᠦᠯᠭᠡ ᠶᠢᠨ ᠢᠨᠵᠧᠨᠧᠷᠢᠩ ᠢ ᠬᠡᠷᠡᠭᠵᠢᠭᠦᠯᠵᠦ᠂ 28 ᠨᠡᠷᠡᠨ ᠡᠨᠧᠷᠭᠢ ᠶᠢᠨ ᠵᠠᠮ ᠤᠨ ᠳ᠋ᠧᠩ ᠢ ᠰᠢᠨ᠎ᠡ ᠪᠠᠷ | ᠤᠭᠰᠠᠷᠠᠵᠤ᠂ ᠲᠣᠰᠬᠤᠨ ᠤ ᠰᠠᠭᠤᠭᠠᠯᠢ ᠠᠷᠠᠳ ᠤᠨ ᠰᠥᠨᠢ ᠪᠠᠷ ᠶᠠᠪᠤᠵᠤ ᠰᠠᠭᠤᠬᠤ ᠳᠤ ᠳᠥᠭᠦᠮ ᠦᠭᠡᠢ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ | ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠪᠦᠬᠦ ᠲᠠᠯ᠎ᠠ ᠪᠠᠷ ᠡᠮᠬᠢ ᠵᠢᠷᠤᠮ ᠲᠠᠢ | ᠥᠷᠨᠢᠭᠦᠯᠬᠦ ᠶᠢ ᠠᠬᠢᠭᠤᠯᠪᠠ᠃ | ᠳ᠋ᠠ ᠴᠢᠤᠸᠠᠨ ᠲᠣᠰᠬᠤᠨ ᠤ ᠠᠷᠠᠳ ᠨᠤᠲᠤᠭ ᠲᠠᠭᠠᠨ ᠪᠤᠴᠠᠭᠰᠠᠨ ᠵᠠᠯᠠᠭᠤ ᠵᠧᠦ ᠬᠤᠩ ᠸᠧᠨ ᠨᠤᠲᠤᠭ ᠲᠠᠭᠠᠨ | ᠪᠤᠴᠠᠵᠤ ᠠᠵᠤ ᠦᠢᠯᠡᠰ ᠢᠶᠠᠨ ᠬᠥᠭᠵᠢᠭᠦᠯᠵᠦ᠂ ᠥᠪᠡᠷ ᠤᠨ ᠭᠡᠷ ᠤᠨ ᠢᠶᠠᠨ ᠡᠭᠦᠳᠡᠨ ᠳᠤ ᠤᠭᠰᠠᠷᠠᠭᠰᠠᠨ ᠨᠡᠷᠡᠨ | ᠡᠨᠧᠷᠭᠢ ᠶᠢᠨ ᠵᠠᠮ ᠤᠨ ᠳ᠋ᠧᠩ ᠢ ᠬᠠᠷᠠᠭᠠᠳ ᠪᠠᠶᠠᠷᠲᠠᠢ ᠪᠠᠷ᠄ ︽ᠥᠩᠭᠡᠷᠡᠭᠰᠡᠨ ᠵᠢᠯ ᠤᠳ ᠲᠤ ᠭᠠᠳᠠᠭᠰᠢ ᠭᠠᠷᠬᠤ ᠳᠤ | ᠳᠥᠭᠦᠮ ᠦᠭᠡᠢ᠂ ᠥᠪᠡᠷ ᠤᠨ ᠭᠡᠷ ᠤᠨ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠬᠦᠴᠢᠷᠳᠡᠯ ᠤᠴᠠᠷᠠᠭᠤᠯᠪᠠ᠂ | ᠡᠨᠡ ᠤᠳᠠᠭ᠎ᠠ ᠨᠡᠷᠡᠨ ᠡᠨᠧᠷᠭᠢ ᠶᠢᠨ ᠵᠠᠮ ᠤᠨ ᠳ᠋ᠧᠩ ᠢ ᠭᠡᠷ ᠤᠨ ᠡᠭᠦᠳᠡᠨ ᠳᠤ ᠲᠠᠭᠠᠷᠠᠭᠤᠯᠪᠠ᠂ ᠤᠷᠤᠢ ᠳᠠᠭᠠᠨ | ᠭᠠᠳᠠᠭᠰᠢ ᠭᠠᠷᠬᠤ ᠳᠤ ᠮᠠᠰᠢ ᠲᠦᠭᠦᠮ ᠪᠣᠯᠵᠠᠢ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ | ᠪᠠᠶᠢᠨ᠎ᠠ︾ ᠭᠡᠵᠦ ᠬᠡᠯᠡᠪᠡ᠃ ᠣᠶᠢᠯᠠᠭᠠᠭᠰᠠᠨ ᠢᠶᠠᠷ᠂ ᠲᠣᠰ ᠲᠥᠷᠥᠯ ᠵᠤᠶᠢᠯ ᠢ ᠣᠶᠢᠷ᠎ᠠ ᠳᠤ ᠨᠢᠭᠡᠨᠲᠡ ᠪᠠᠷᠢᠵᠤ | ᠳᠠᠭᠤᠰᠬᠠᠵᠠᠶ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |