ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠤᠨ ᠯᠢᠶᠠᠩᠴᠧᠩ ᠰᠢᠶᠠᠨ ᠤ ᠭᠦᠢᠴᠡᠳᠭᠡᠬᠦ ᠺᠣᠮᠢᠰ ᠤᠨ ᠭᠤᠷᠪᠠᠳᠤᠭᠠᠷ ᠬᠤᠷᠠᠯᠳᠤᠭᠠᠨ ᠢ ᠡᠷᠭᠢᠯᠡᠨ  ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/18
  9 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠤᠨ ᠯᠢᠶᠠᠩᠴᠧᠩ ᠰᠢᠶᠠᠨ ᠤ ᠭᠦᠢᠴᠡᠳᠭᠡᠬᠦ ᠺᠣᠮᠢᠰ ᠤᠨ ᠭᠤᠷᠪᠠᠳᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯᠯᠠᠬᠤ ᠳᠤᠭᠤᠶᠢᠯᠠᠩ ᠤᠨ ᠠᠵᠢᠯ ᠤᠨ ᠲᠥᠰᠦᠯ᠂ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠵᠢᠴᠢ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠯᠢ ᡁᠢ ᠭᠠᠩ᠂ ‍ᠤᠤᠢ ᠵᠢᠶᠠᠨ  ᠹᠧᠩ᠂ ᠵᠧᠩ ᠶᠠᠨ ᠹᠠᠩ᠂  ᠹᠧᠩ ᠵᠢᠶᠦ᠋ᠨ᠂ ᠶᠠᠩ ᠬᠤᠩ᠂ ᠪᠠᠶ ᠯᠢ ᠵᠢᠶᠦ᠋ᠨ ᠬᠤᠷᠠᠯ ᠳᠤ ᠣᠷᠣᠯᠴᠠᠵᠠᠶ᠃
       ᠬᠤᠷᠠᠯ ᠠᠴᠠ᠂ ᠠᠵᠢᠯ ᠤᠨ ᠲᠥᠰᠦᠯ ᠪᠣᠯᠤᠨ ᠪᠠᠴᠢᠮ ᠪᠠᠶᠢᠳᠠᠯ ᠢ  ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ᠂ ᠬᠥᠮᠦᠨ ᠨᠢᠭᠡᠪᠦᠷᠢ ᠳᠤ ᠦᠨᠡᠨᠬᠦ ᠨᠠᠷᠢᠯᠢᠬᠵᠢᠭᠤᠯᠬᠤ ᠬᠡᠷᠡᠭᠲᠡᠢ᠃ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠴᠠᠬᠢᠯᠭᠠᠨ ᠬᠦᠴᠦᠨ ᠤ ᠪᠠᠲᠤᠯᠠᠭ᠎ᠠ᠂ ᠢᠳᠡᠭᠡᠨ ᠤ ᠠᠮᠤᠷ ᠲᠦᠪᠰᠢᠨ ᠵᠡᠷᠭᠡ ᠡᠯ᠎ᠡ  ᠵᠤᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠵᠣᠬᠢᠴᠠᠭᠤᠯᠬᠤ ᠬᠡᠷᠡᠭᠲᠡᠶ᠃ ᠠᠵᠢᠯ ᠤᠨ ᠶᠠᠪᠤᠴᠠ ᠶᠢᠨ ᠵᠢᠷᠤᠭ ᠢ ᠨᠠᠷᠢᠨ ᠨᠢᠮᠪᠠᠢ ᠵᠣᠬᠢᠶᠠᠵᠤ᠂ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠵᠢᠷᠤᠭ ᠡᠯᠭᠦᠨ ᠪᠠᠶᠢᠯᠳᠤᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ ᠰᠠᠶᠢᠲᠤᠷ ᠤᠬᠠᠭᠤᠯᠵᠤ᠂ ᠤᠷᠤᠯᠳᠤᠭᠠᠨ ᠤ ᠬᠤᠭᠤᠴᠠᠭᠠᠨ ᠳᠠᠬᠢ ᠠᠭᠠᠷ ᠤᠨ ᠶᠠᠰᠤ ᠴᠢᠨᠠᠷ ᠤᠨ ᠪᠠᠲᠤᠯᠠᠭ᠎ᠠ ᠶᠢᠨ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃ ᠤᠷᠤᠯᠳᠤᠭᠠᠨ ᠤ ᠶᠠᠪᠤᠳᠠᠯ ᠢ ᠶᠡᠷᠦᠩᠬᠡᠶᠢᠯᠡᠨ ᠪᠠᠲᠤᠯᠠᠬᠤ ᠪᠠ ᠠᠮᠤᠷ ᠲᠦᠪᠰᠢᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠷᠤᠯᠳᠤᠭᠠᠨ ᠤ ᠶᠠᠪᠤᠳᠠᠯ ᠢ ᠠᠮᠤᠷ ᠲᠦᠪᠰᠢᠨ ᠢᠶᠠᠷ ᠴᠢᠨᠠᠷ ᠰᠠᠶᠢᠲᠠᠢ ᠶᠠᠪᠤᠭᠳᠠᠭᠤᠯᠬᠤ ᠶᠢ ᠪᠠᠲᠤᠯᠠᠬᠤ ᠬᠡᠷᠡᠭᠲᠡᠢ   ᠭᠡᠪᠡ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                      ᠨᠠᠶᠢᠷᠠᠭᠤᠯᠤᠭᠴᠢ᠄  ᠯᠢ ᠬᠤᠩ ᠢᠦᠢ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2