ᠵᠧᠩ ᠳ᠋ᠦᠩ ᠫᠢᠩ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/18
  9 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠶ ᠳᠤᠨᠢ ᠲᠤᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
       ᠵᠧᠩ ᠳ᠋ᠦᠩ ᠫᠢᠩ ᠤᠷᠢᠳ ᠬᠤᠵᠢᠳ ᠰᠢᠶᠠᠨ ᠤ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠥᠪᠡᠷᠲᠡᠭᠡᠨ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ᠂ ᠾᠧ ᠵᠢᠩ ᠵᠢᠶᠠ ᠶᠤᠸᠠᠨ ᠪᠣᠷᠣᠭᠠᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠂ ᠤᠯᠠᠭᠠᠨᠴᠠᠪ ᠤᠨ 150 ᠲᠦᠮᠡᠨ ᠺᠢᠯᠣᠸᠠᠲ ᠤᠨ ︽ᠦᠩᠭᠡ ᠦᠵᠡᠮᠵᠢ ᠭᠠᠯ ᠤᠰᠤᠲᠥ᠋ᠷᠥᠭᠴᠢ ᠶᠢ ᠨᠥᠭᠡᠴᠡᠯᠡᠬᠦ ᠶᠢ ᠨᠢᠭᠡ ᠴᠤᠭᠴᠠᠵᠢᠭᠤᠯᠬᠤ︾ ᠰᠠᠯᠬᠢᠨ ᠴᠠᠬᠢᠯᠭᠠᠨ ᠤ ᠭᠡᠷᠡᠯ ᠸᠣᠯᠲ ᠤᠨ ᠰᠠᠭᠤᠷᠢᠨ ᠤ ᠲᠦᠷᠦᠯ ᠵᠦᠢᠯ ᠵᠡᠷᠭᠡ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠡᠢ᠃ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠪᠠ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ  ᠵᠤᠶᠢᠯ ᠤᠨ ᠪᠠᠷᠢᠯᠭ᠎ᠠ ᠶᠢᠨ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠨ᠎ᠠ᠃    ᠵᠧᠩ ᠳ᠋ᠦᠩ ᠫᠢᠩ᠂ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡ ᠪᠠᠶᠢᠭᠤᠯᠵᠤ ᠡᠷᠲᠡ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠶᠤᠯᠭᠦᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ  ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠠᠮᠢᠶᠠᠷᠤᠯᠲᠠ ᠪᠠᠨ ᠴᠢᠩᠭᠠᠳᠬᠠᠨ᠂ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠳᠠᠨ ᠤ ᠡᠭᠦᠷᠭᠡ ᠲᠤᠰᠢᠶᠠᠯ ᠢᠶᠠᠨ ᠬᠢᠨᠠᠮᠠᠭᠠᠶ ᠭᠦᠢᠴᠡᠳᠬᠡᠬᠦ ᠶᠢ ᠰᠢᠪᠠᠳᠠᠵᠤ᠂ ᠪᠠᠷᠢᠯᠭ᠎ᠠ ᠶᠢᠨ ᠶᠠᠰᠤ ᠴᠢᠨᠠᠷ ᠪᠠ ᠦᠢᠯᠡᠳᠪᠦᠷᠢᠯᠡᠯ ᠤᠨ ᠠᠶᠤᠯᠭᠦᠶ ᠪᠠᠶᠢᠬᠤ ᠶᠢ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ ᠡᠬᠡ ᠲᠠᠩᠰᠠ ᠶᠢᠨ ᠮᠠᠲ᠋ᠧᠷᠢᠶᠠᠯ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠲᠤᠭ᠎ᠠ ᠪᠠᠷᠢᠮᠲᠠ᠂ ᠡᠬᠡ ᠲᠠᠩᠰᠠ ᠶᠢᠨ ᠮᠠᠲ᠋ᠧᠷᠢᠶᠠᠯ ᠤᠨ ᠵᠢᠷᠤᠮᠵᠢᠯ ᠲᠠᠢ ᠪᠥᠭᠡᠳ ᠵᠢᠭᠳᠡ ᠪᠠᠶᠢᠬᠤ ᠶᠢ ᠪᠠᠲᠤᠯᠠᠬᠤ ᠬᠡᠷᠡᠭᠲᠡᠶ᠃    ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃                                      ᠨᠠᠶᠢᠷᠠᠭᠤᠯᠤᠭᠴᠢ᠄   ᠶᠠᠩ  ᠿᠦᠢ ᠵᠧᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2