ᠯᠢᠶᠠᠩᠴᠧᠩ ᠰᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/19
   ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠵᠦ᠂ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠪᠠᠷ ᠳᠡᠩᠰᠡᠯᠡᠨ ᠲᠡᠮᠳᠡᠭᠯᠡᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 9 ᠰᠠᠷ᠎ᠠ ᠶᠢᠨ 19 ᠤ ᠡᠳᠦᠷ᠂ ᠮᠠᠨ ᠤ ᠰᠢᠶᠠᠨ ︽ᠠᠵᠤ ᠠᠬᠤᠶ ᠶᠢᠨ ᠶᠡᠭᠡ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷ ᠰᠢᠨ᠎ᠡ ᠴᠠᠭ ᠦᠶ᠎ᠡ ᠶᠢ ᠥᠭᠦᠯᠡᠬᠦ︾ ᠪᠠᠷ ᠭᠤᠤᠯ ᠰᠡᠳᠦᠪ ᠪᠣᠯᠭᠠᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢ ᠡᠷᠭᠢᠯᠡᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠭᠰᠠᠨ ᠪᠥᠭᠡᠳ ᠣᠯᠠᠨ ᠲᠦᠮᠡᠨ ᠤ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠵᠠᠶ᠃ ᠡᠭᠦᠨ ᠤ ᠵᠡᠷᠭᠡ ᠳᠤ ᠠᠵᠢᠯᠲᠠᠳ ᠵᠡᠭᠡᠯᠢ ᠳᠤ ᠭᠠᠷᠴᠤ᠂ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠤᠨ ᠪᠠᠶᠢᠴᠠᠭᠠᠯᠲᠠ ᠶᠢᠨ ᠠᠭᠤᠯᠭ᠎ᠠ ᠪᠣᠯᠤᠨ ᠵᠣᠷᠢᠯᠭ᠎ᠠ ᠵᠡᠷᠭᠡ ᠶᠢ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠲᠤ ᠲᠠᠶᠢᠯᠪᠤᠷᠢᠯᠠᠨ ᠥᠭᠴᠦ᠂ ᠪᠠᠰᠠ ᠲᠠᠯᠠᠪᠠᠶ ᠶᠢᠨ ᠲᠣᠮᠣ ᠳᠡᠯᠭᠡᠴᠡ ᠪᠣᠯᠤᠨ ᠨᠡᠭᠦᠳᠡᠯ ᠤᠬᠠᠭᠤᠯᠭ᠎ᠠ ᠶᠢᠨ ᠲᠡᠷᠭᠡ ᠶᠢ ᠠᠰᠢᠭᠯᠠᠨ ︽ᠪᠦᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠤᠨ ᠪᠠᠶᠢᠴᠠᠭᠠᠯᠲᠠ︾ ᠶᠢᠨ ᠤᠬᠠᠭᠤᠯᠭ᠎ᠠ ᠶᠢᠨ ᠸᠢᠳᠢᠣ᠋ ᠶᠢ ᠡᠭᠡᠯᠵᠢᠯᠡᠨ ᠨᠡᠪᠲᠡᠷᠡᠭᠦᠯᠵᠦ᠂ ᠣᠯᠠᠨ ᠳᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠨᠡᠩ ᠰᠢᠭᠤᠳ ᠣᠶᠢᠯᠠᠭᠠᠭᠤᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠣᠶᠢᠯᠠᠭᠠᠭᠤᠯᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠳᠡᠮᠵᠢᠭᠦᠯᠵᠡᠶ᠃
     ᠯᠢᠶᠠᠩᠴᠧᠩ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠸᠠᠩ ᠰᠢᠶᠤᠤ ᠪᠢᠩ    ᠪᠢᠳᠡ ︿ᠲᠤᠭ᠎ᠠ ᠪᠦᠷᠢᠳᠬᠡᠯ ᠤᠨ ᠨᠡᠭᠡᠭᠡᠯᠳᠡ ᠶᠢᠨ ᠡᠳᠦᠷ﹀ ᠤᠨ ᠠᠵᠢᠯᠯᠠᠭ᠎ᠠ ᠶᠢ ᠡᠷᠬᠢᠯᠡᠬᠦ ᠪᠠᠷ ᠲᠣᠬᠢᠶᠠᠯ ᠪᠣᠯᠭᠠᠨ᠂ ᠨᠡᠶᠢᠭᠡᠮ ᠤᠨ ᠡᠯ᠎ᠡ ᠡᠲᠡᠭᠡᠳ ᠲᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠨᠡᠩ ᠤᠯᠠᠨ ᠲᠠᠨᠢᠯᠴᠠᠭᠤᠯᠬᠤ ᠪᠠ ᠤᠬᠠᠭᠤᠯᠵᠤ᠂ ︿ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ﹀ ᠶᠢᠨ ᠲᠤᠬᠠᠶ ᠤᠯᠠᠨ ᠲᠦᠮᠡᠨ ᠤ ᠣᠶᠢᠯᠠᠭᠠᠬᠤ ᠨᠤᠷᠮ᠎ᠠ᠂ ᠮᠡᠳᠡᠷᠡᠬᠦ ᠰᠡᠳᠬᠢᠯᠭᠡ᠂ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ ᠭᠡᠪᠡ᠃                                             ᠨᠠᠶᠢᠷᠠᠭᠤᠯᠤᠭᠴᠢ᠄  ᠯᠢ ᠬᠤᠩ ᠢᠦᠢ                                               ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2