ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠳᠠᠭᠤᠰᠪᠠ
ᠨᠡᠶᠢᠲᠡᠯᠡᠭᠰᠡᠨ ᠴᠠᠭ᠄
2023/9/19
   ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠲᠦᠷᠦᠭᠦᠬᠡᠨ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠨᠢᠭᠡᠨᠲᠡ ᠣᠷᠣᠵᠤ ᠰᠠᠭᠤᠬᠤ ᠠᠵᠢᠯ ᠢᠶᠠᠨ ᠳᠠᠭᠤᠰᠬᠠᠵᠤ᠂ ᠡᠭᠦᠨ ᠤ ᠬᠠᠮᠲᠤ ᠴᠠᠭᠳᠠᠨ ᠪᠠᠶᠢᠴᠠᠭᠠᠭᠳᠠᠵᠤ ᠪᠠᠶᠢᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠮ ᠵᠠᠭᠤᠴᠢᠯᠠᠭᠤᠷ ᠤᠨ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠮᠠᠶᠢᠬᠤᠳᠤ ᠪᠠᠯᠭᠠᠰᠤ ︵ ᠶᠢᠨ ᠰᠢᠩ ᠵᠠᠰᠠᠭ ᠵᠠᠬᠢᠷᠭᠠᠨ ᠤ ᠲᠣᠰᠬᠤᠨ᠂ ᠴᠢᠶᠠᠨ ᠢ ᠵᠠᠰᠠᠭ ᠵᠠᠬᠢᠷᠭᠠᠨ ᠤ ᠲᠣᠰᠬᠤᠨ︶᠂ ᠼᠤᠤ ᠨᠢᠶᠠᠨ  ᠮᠠᠨᠵᠤ ᠦᠨᠳᠦᠰᠦᠲᠡᠨ ᠤ ᠰᠢᠶᠠᠩ ︵ᠴᠠᠩ ᠬᠠᠨ ᠶᠢᠩ ᠤᠨ ᠵᠠᠰᠠᠭ ᠵᠠᠬᠢᠷᠭᠠᠨ ᠤ ᠲᠣᠰᠬᠤᠨ᠂ ᠳᠥᠷᠪᠡᠳᠦᠭᠡᠷ ᠵᠠᠰᠠᠭ ᠵᠠᠬᠢᠷᠭᠠᠨ ᠤ ᠲᠣᠰᠬᠤᠨ︶ ᠵᠡᠷᠭᠡ 5 ᠰᠠᠯᠠᠭ᠎ᠠ ᠮᠥᠴᠢᠷ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠠᠷ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠴᠠᠭᠳᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃    ᠬᠤᠷᠠᠯ ᠳᠡᠭᠡᠷ᠎ᠡ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠡᠭᠦᠷᠭᠡ ᠪᠣᠯᠤᠨ ᠠᠵᠢᠯ ᠤᠨ ᠲᠤᠬᠢᠷᠠᠭᠤᠯᠤᠯᠳᠠ ᠶᠢ ᠮᠡᠳᠡᠭᠳᠡᠵᠦ᠂ ᠴᠠᠭᠳᠠᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡᠴᠢᠯᠡᠨ ᠲᠣᠭᠤᠷᠢᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠪᠣᠯ ᠨᠠᠮ ᠤᠨ ᠳᠣᠲᠣᠭᠠᠳᠤ ᠶᠢᠨ ᠬᠢᠨᠠᠯᠲᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠷᠢᠮ ᠤᠨ ᠲᠤᠬᠢᠷᠠᠭᠤᠯᠤᠯᠳᠠ ᠮᠥᠨ᠂ ᠨᠠᠮ ᠤᠨ ᠲᠦᠷᠢᠮ ᠠᠴᠠ ᠣᠯᠭᠤᠭᠰᠠᠨ ᠴᠢᠬᠤᠯᠠ ᠲᠤᠰᠢᠶᠠᠯ ᠬᠠᠷᠢᠭᠤᠴᠠᠯᠭ᠎ᠠ ᠮᠥᠨ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠭᠡᠬᠦ ᠡᠨᠡᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠲᠤᠪᠤᠶᠢᠯᠭᠠᠵᠦ᠂ ᠤᠨᠢᠨ ᠳᠡᠭᠡᠷ᠎ᠡ ᠨᠢ ᠪᠦᠲᠦᠮᠵᠢᠲᠡᠢ ᠬᠢᠨᠠᠯᠲᠠ ᠲᠠᠯᠪᠢᠨ᠎ᠠ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠢ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠳᠤ ᠵᠥᠪ ᠢᠶᠠᠷ ᠬᠠᠨᠳᠤᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃    ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠤᠰ ᠲᠤᠰ ᠣᠪᠣᠷ ᠢᠶᠠᠨ ᠢᠯᠡᠳᠬᠡᠬᠦ ᠦᠭᠡ  ᠬᠡᠯᠡᠪᠡ᠃ ᠲᠡᠳᠡ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠳᠤ ᠬᠠᠮᠵᠢᠯᠴᠠᠬᠤ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠶᠢ ᠬᠦᠯᠢᠶᠡᠨ ᠠᠪᠬᠤ ᠪᠠᠷ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠡᠷᠬᠢᠮ ᠨᠠᠨᠳᠢᠨ ᠠᠵᠠ ᠲᠣᠬᠢᠶᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠤᠷᠢᠨ ᠪᠠᠶᠢᠴᠠᠭᠠᠬᠤ ᠠᠵᠢᠯ ᠤᠨ ᠡᠭᠦᠷᠭᠡ ᠪᠠᠨ ᠬᠠᠮᠲᠤᠪᠠᠷ ᠰᠠᠶᠢᠲᠤᠷ ᠪᠡᠶᠡᠯᠡᠭᠦᠯᠦᠨ᠎ᠡ ᠭᠡᠵᠦ ᠢᠯᠡᠳᠬᠡᠪᠡ᠃                                                    ᠨᠠᠶᠢᠷᠠᠭᠤᠯᠤᠭᠴᠢ᠄  ᠯᠢ ᠬᠤᠩ ᠢᠦᠢ                                                   ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2