ᠯᠢᠶᠠᠩᠴᠧᠩ ᠰᠢᠶᠠᠨ᠄ 12345 ᠬᠠᠯᠠᠭᠤᠨ ᠤᠲᠠᠰᠤᠨ ᠤ ᠬᠦᠯᠢᠶᠡᠨ ᠠᠪᠬᠤ ᠬᠠᠭᠤᠳᠠᠰᠤ ᠶᠢ ᠳᠠᠷᠤᠶ ᠳᠤᠨᠢ ᠭᠦᠢᠴᠡᠳᠬᠡᠵᠦ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠠᠭ ᠲᠤᠬᠠᠶ ᠳᠤᠨᠢ ᠨᠤᠷᠠᠭᠠᠭᠠᠳ ᠮᠠᠭᠲᠠᠭᠠᠯ ᠰᠠᠶᠢᠰᠢᠶᠠᠯ ᠢ ᠤᠯᠪᠠ
ᠨᠡᠶᠢᠲᠡᠯᠡᠭᠰᠡᠨ ᠴᠠᠭ᠄
2023/9/19
  12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠭᠤᠨ ᠤᠲᠠᠰᠤ ᠪᠣᠯ ᠵᠠᠰᠠᠭ ᠤᠨ ᠣᠷᠳᠣᠨ ᠪᠣᠯᠤᠨ ᠠᠷᠠᠳ ᠤᠯᠠᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠤᠯᠠᠨ ᠲᠦᠮᠡᠨ ᠤ ︽ᠪᠠᠴᠢᠮᠳᠠᠬᠤ  ᠬᠦᠴᠢᠷᠳᠡᠯᠳᠠᠢ︾ ᠪᠠᠶᠢᠬᠤ ᠠᠰᠠᠭᠤᠳᠠᠯ ᠢ  ᠰᠢᠢᠳᠪᠤᠷᠢᠯᠡᠬᠦ ᠰᠠᠶᠢᠨ ᠬᠠᠪᠰᠤᠷᠤᠭᠴᠢ ᠮᠥᠨ᠃ ᠮᠠᠨ ᠤ ᠰᠢᠶᠠᠨ ︽ᠠᠷᠠᠳ ᠲᠦᠮᠡᠨ ᠢᠶᠠᠷ ᠭᠤᠤᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ︾  ᠤᠶᠢᠯᠡᠴᠢᠯᠡᠭᠡᠨ ᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠲᠡᠷᠡ ᠳᠠᠷᠤᠶ ᠳᠤᠨᠢ ᠲᠠᠷᠬᠠᠭᠠᠵᠤ᠂ ᠲᠡᠷᠡ ᠳᠠᠷᠤᠶ ᠳᠤᠨᠢ  ᠰᠢᠢᠳᠪᠤᠷᠢᠯᠡᠵᠦ᠂ 12345 ᠠᠵᠢᠯ ᠤᠨ ᠬᠠᠭᠤᠳᠠᠰᠤ ᠶᠢ  ᠭᠦᠢᠴᠡᠳᠭᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠣᠶᠢᠷ᠎ᠠ ᠳᠤ᠂ ᠣᠯᠠᠨ ᠲᠦᠮᠡᠨ 12345 ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠬᠠᠯᠠᠭᠤᠨ ᠤᠲᠠᠰᠤ ᠪᠠᠷ ᠳᠠᠮᠵᠢᠭᠤᠯᠤᠨ ᠲᠤᠰᠬᠠᠭᠰᠠᠨ ᠨᠢ᠂ ᠪᠣᠯᠪᠠᠰᠤᠷᠠᠭᠤᠯᠬᠤ  ᠤᠶᠢᠯᠡᠳᠪᠤᠷᠢ ᠶᠢᠨ ᠬᠦᠷᠢᠶᠡᠯᠡᠩ ᠤᠨ ᠵᠢᠵᠢᠭ ᠲᠣᠭᠤᠷᠢᠭ ᠲᠤ ᠳᠤᠷ᠎ᠠ ᠪᠠᠷ ᠢᠶᠠᠨ ᠲᠡᠮᠦᠷ ᠬᠠᠪᠲᠠᠰᠤᠲᠤ ᠬᠡᠷ ᠪᠠᠷᠢᠵᠤ ᠪᠠᠶᠢᠨ᠎ᠠ᠂ ᠣᠯᠠᠨ ᠲᠦᠮᠡᠨ ᠵᠢᠵᠢᠭ ᠲᠣᠭᠤᠷᠢᠭ ᠲᠤ ᠳᠤᠷ᠎ᠠ ᠪᠠᠷ ᠢᠶᠠᠨ ᠪᠠᠶᠢᠭᠤᠯᠤᠭᠰᠠᠨ ᠨᠢ ᠭᠠᠳᠠᠭᠰᠢ ᠭᠠᠷᠬᠤ ᠪᠠ ᠠᠮᠤᠷ ᠲᠦᠪᠰᠢᠨ ᠢ ᠨᠥᠯᠥᠭᠡᠯᠡᠨ᠎ᠡ ᠭᠡᠵᠦ ᠦᠵᠡᠭᠡᠳ ᠬᠦᠰᠡᠯ ᠱᠠᠭᠠᠷᠳᠠᠯᠭ᠎ᠠ ᠪᠠᠨ ᠳᠤᠷᠠᠳᠴᠤ᠂ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠵᠢᠵᠢᠭ ᠲᠣᠭᠤᠷᠢᠭ ᠲᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠠᠰᠠᠭᠤᠳᠠᠯ ᠢ ᠬᠢᠨᠠᠨ ᠬᠠᠷᠭᠤᠭᠤᠯᠵᠤ  ᠰᠢᠢᠳᠪᠤᠷᠢᠯᠡᠬᠦ ᠶᠢ ᠬᠦᠰᠡᠪᠡ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠯᠤᠭᠰᠠᠨ ᠤ ᠲᠠᠷᠠᠭ᠎ᠠ᠂ ᠮᠠᠨ ᠤ ᠰᠢᠶᠠᠨ ᠲᠡᠷᠡ ᠳᠠᠷᠤᠢ ᠳᠤᠨᠢ ᠠᠵᠢᠯ ᠤᠨ ᠬᠠᠭᠤᠳᠠᠰᠤ ᠶᠢ ᠯᠢᠶᠠᠩᠴᠧᠩ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠤᠪᠴᠢᠶ᠎ᠠ ᠳᠤ ᠲᠣᠮᠢᠯᠠᠵᠤ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ ᠠᠵᠢᠯ ᠤᠨ ᠬᠠᠭᠤᠳᠠᠰᠤ ᠶᠢ ᠣᠯᠤᠭᠰᠠᠨ ᠤ ᠲᠠᠷᠠᠭ᠎ᠠ᠂ ᠲᠡᠷᠡ ᠳᠠᠷᠤᠢ ᠳᠤᠨᠢ ᠬᠤᠯᠪᠣᠭᠳᠠᠯ ᠪᠦᠬᠦᠢ ᠬᠥᠮᠦᠰ ᠢ ᠲᠣᠮᠢᠯᠠᠨ ᠬᠤᠯᠪᠣᠭᠳᠠᠯ ᠪᠦᠬᠦᠢ ᠭᠠᠵᠠᠷ ᠲᠤ ᠣᠴᠢᠭᠤᠯᠵᠤ ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠵᠤ ᠭᠡᠷᠡᠴᠢ ᠠᠪᠤᠭᠤᠯᠬᠤ ᠶᠢᠨ ᠬᠠᠮᠲᠤ ᠴᠠᠭ ᠲᠤᠬᠠᠢ ᠳᠤᠨᠢ ᠮᠠᠰᠢᠨ ᠮᠧᠬᠠᠨᠢᠭ ᠲᠠᠢ ᠬᠠᠷᠢᠯᠴᠠᠵᠤ ᠨᠤᠷᠠᠭᠠᠬᠤ ᠠᠵᠢᠯ ᠢ ᠬᠢᠵᠦ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠠᠭ ᠲᠤᠬᠠᠢ ᠳᠤᠨᠢ ᠨᠤᠷᠠᠭᠠᠪᠠ᠃    ᠣᠶᠢᠯᠠᠭᠠᠭᠰᠠᠨ ᠢᠶᠠᠷ᠂ ᠡᠨᠡ ᠵᠢᠯ ᠤᠨ 8 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠰᠢᠶᠠᠨ ᠤ ᠪᠠᠶᠢᠭᠠᠯᠢ ᠲᠧᠭᠨᠢᠭ ᠤᠨ ᠤᠬᠠᠭᠠᠨ ᠤ ᠬᠠᠭᠤᠳᠠᠰᠤ ᠨᠡᠶᠢᠲᠡ 5430 ᠬᠤᠪᠢ ᠭᠥᠯᠢᠶᠡᠨ ᠠᠪᠴᠤ᠂   ᠰᠢᠢᠳᠪᠤᠷᠢᠯᠡᠵᠦ ᠳᠠᠭᠤᠰᠬᠠᠭᠰᠠᠨ ᠨᠣᠷᠮ᠎ᠠ ᠨᠢ 90% ᠬᠦᠷᠴᠦ᠂ ᠬᠠᠨᠤᠮᠵᠢᠲᠠᠶ ᠨᠣᠷᠮ᠎ᠠ ᠨᠢ 90% ᠬᠦᠷᠴᠡᠶ᠃ ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ 12345 ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠭᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠤᠨ ᠬᠠᠭᠤᠳᠠᠰᠤ ᠶᠢ ᠭᠦᠶ᠋ᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠠᠨᠠᠭ᠎ᠠ ᠵᠣᠪᠠᠭ᠋ᠤ ᠶᠠᠪᠤᠳᠠᠯ᠂  ᠰᠠᠨᠠᠭ᠎ᠠ ᠵᠣᠪᠠᠭ᠋ᠤ ᠶᠠᠪᠤᠳᠠᠯ ᠢ ᠰᠠᠶᠢᠲᠤᠷ ᠰᠢᠢᠳᠪᠤᠷᠢᠯᠡᠵᠦ᠂ ᠣᠯᠠᠨ ᠲᠦᠮᠡᠨ ᠤ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃                                         ᠨᠠᠶᠢᠷᠠᠭᠤᠯᠤᠭᠴᠢ᠄  ᠯᠢ ᠬᠤᠩ ᠢᠦᠢ                                           ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2