ᠬᠥᠭᠦᠷᠭᠡ ᠶᠢᠨ ᠪᠦᠲᠦᠴᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢ ᠦᠨᠳᠦᠰᠦᠯᠡᠨ᠂ | ᠯᠢᠶᠠᠩᠴᠧᠩ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠬᠠᠶᠢᠴᠧᠩ ᠬᠥᠭᠦᠷᠭᠡ ᠵᠡᠷᠭᠡ 4 ᠬᠥᠭᠦᠷᠭᠡ ᠳᠤ | ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠤᠶᠢᠯᠡᠰ ᠢ | ᠳᠣᠤᠷᠠᠬᠢ ᠮᠡᠲᠦ ᠵᠠᠷᠯᠠᠶ᠎ᠠ᠄ | ᠨᠢᠭᠡ᠂ ᠪᠢᠲᠡᠭᠦᠮᠵᠢᠯᠡᠬᠦ ᠴᠢᠬᠤᠯᠠᠲᠠᠶ ᠵᠠᠮ ᠤᠨ ᠬᠡᠰᠡᠭ | ᠲᠣᠰᠬᠤᠨ ᠤ ᠵᠠᠮ ᠤᠨ C106 ᠳ᠋ᠠ ᠭᠧ ᠯᠢᠶᠠᠩ ᠠᠴᠠ ᠬᠠᠶ ᠴᠧᠩ ᠬᠦᠷᠬᠦ ᠬᠡᠰᠡᠭ ᠤᠨ K1+500 | ᠭᠠᠵᠠᠷ ᠤᠨ ᠬᠠᠶ ᠴᠧᠩ ᠴᠢᠶᠣᠤ ᠬᠥᠭᠦᠷᠭᠡ | ᠲᠣᠰᠬᠤᠨ ᠤ ᠵᠠᠮ ᠤᠨ C043 ᠯᠣᠣ ᠸᠠ ᠶᠢᠩ ᠠᠴᠠ ᠯᠢᠶᠠᠨ ᠾᠧ ᠲᠣᠰᠬᠤᠨ ᠤ ᠬᠡᠰᠡᠭ ᠤᠨ K2+120 | ᠭᠠᠵᠠᠷ ᠤᠨ ᠳᠤᠮᠳᠠᠳᠤ ᠠᠩᠭ᠍ᠯᠢ ᠶᠢᠨ ᠬᠤᠶᠠᠳᠤᠭᠠᠷ ᠨᠣᠮᠧᠷᠲᠤ ᠬᠥᠭᠦᠷᠭᠡ | ᠲᠣᠰᠬᠤᠨ ᠤ ᠵᠠᠮ W154 ᠱᠢ ᠽᠢ ᠸᠠ ᠵᠡᠭᠦᠨ ᠲᠣᠰᠬᠤᠨ ᠠᠴᠠ ᠳᠤᠮᠳᠠᠳᠤ ᠠᠩᠭ᠍ᠯᠢ ᠶᠢᠨ ᠵᠠᠮ ᠤᠨ ᠬᠡᠰᠡᠭ | K1+000 ᠭᠠᠵᠠᠷ ᠤᠨ ᠳᠤᠮᠳᠠᠳᠤ ᠠᠩᠭ᠍ᠯᠢ ᠶᠢᠨ ᠭᠤᠷᠪᠠᠳᠤᠭᠠᠷ ᠨᠣᠮᠧᠷᠲᠤ ᠬᠥᠭᠦᠷᠭᠡ | ᠲᠣᠰᠬᠤᠨ ᠤ ᠵᠠᠮ ᠤᠨ C100 ᠸᠧᠶ ᠵᠠᠨ ᠶᠢᠩ ᠠᠴᠠ ᠵᠢᠷᠭᠤᠳᠤᠭᠠᠷ ᠰᠤᠮᠤ ᠬᠦᠷᠲᠡᠯᠡᠬᠢ ᠬᠡᠰᠡᠭ ᠤᠨ | K3+100 ᠪᠠᠷᠠᠭᠤᠨ ᠶᠢᠩᠽᠢ ᠬᠥᠭᠦᠷᠭᠡ᠃ | ᠬᠤᠶᠠᠷ᠂ ᠪᠢᠲᠡᠭᠦᠮᠵᠢᠯᠡᠬᠦ ᠴᠠᠭ | 2023 ᠣᠨ ᠤ 9 ᠰᠠᠷ᠎ᠠ ᠶᠢᠨ 20 ᠠᠴᠠ 2023 ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ᠃ | ᠭᠤᠷᠪᠠ᠂ ᠲᠣᠭᠤᠷᠢᠨ ᠶᠠᠪᠤᠬᠤ ᠲᠥᠰᠦᠯ | ᠪᠠᠷᠢᠯᠭ᠎ᠠ ᠶᠢᠨ ᠠᠵᠢᠯ ᠬᠢᠵᠦ ᠪᠠᠶᠢᠭ᠎ᠠ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠵᠠᠮ ᠢ ᠪᠢᠲᠡᠭᠦᠮᠵᠢᠯᠡᠨ | ᠬᠠᠮᠢᠶᠠᠷᠴᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠂ ᠤᠷᠢᠳᠠᠪᠠᠷ ᠲᠣᠭᠤᠷᠢᠵᠤ | ᠶᠠᠪᠤᠭᠠᠷᠠᠶ᠃ | ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ | ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠶᠠᠪᠤᠵᠤ | ᠰᠠᠭᠤᠬᠤ ᠶᠢ ᠵᠣᠬᠢᠬᠤ ᠬᠡᠮᠵᠢᠶ᠎ᠡ ᠪᠠᠷ ᠨᠥᠯᠥᠭᠡᠯᠡᠨ᠎ᠡ᠂ ᠲᠣᠰ ᠵᠠᠮ ᠤᠨ ᠬᠡᠰᠡᠭ ᠢᠶᠠᠷ ᠥᠩᠭᠡᠷᠡᠬᠦ ᠲᠡᠷᠭᠡ ᠬᠥᠰᠬᠡ ᠶᠢ | ᠲᠣᠭᠤᠷᠢᠤ ᠵᠠᠮ ᠢᠶᠠᠷ ᠤᠷᠢᠳᠴᠢᠯᠠᠨ ᠰᠣᠩᠭᠤᠵᠤ᠂ ᠵᠠᠮ ᠬᠠᠷᠢᠯᠴᠠᠭᠠᠨ ᠤ ᠴᠠᠭᠳᠠᠭ᠎ᠠ ᠪᠣᠯᠤᠨ ᠲᠤᠬᠠᠶ ᠶᠢᠨ | ᠲᠠᠯᠠᠪᠤᠷ ᠤᠨ ᠬᠠᠮᠢᠶᠠᠷᠤᠯᠲᠠ ᠶᠢᠨ ᠠᠵᠢᠯᠲᠠᠨ ᠤ ᠵᠢᠯᠣᠭᠤᠳᠣᠯᠭ᠎ᠠ ᠶᠢ ᠤᠬᠠᠮᠰᠠᠷ ᠠᠴᠠ ᠪᠠᠨ ᠳᠠᠭᠠᠬᠤ ᠬᠡᠷᠡᠭᠲᠡᠶ᠂ | ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠰᠠᠭᠤᠭᠠᠯᠢ ᠠᠷᠠᠳ ᠲᠤ ᠤᠴᠠᠷᠠᠭᠤᠯᠤᠭᠰᠠᠨ ᠶᠠᠷᠰᠢᠭ ᠲᠦᠪᠡᠭ ᠲᠤ | ᠪᠢᠳᠡ ᠭᠦᠨ ᠣᠰᠣᠯ ᠬᠦᠯᠢᠶᠡᠵᠦ ᠪᠠᠶᠢᠨ᠎ᠠ᠂ ᠠᠭᠤᠴᠢᠯᠠᠬᠤ ᠪᠣᠯᠪᠠᠤ ︕ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ | | | |