ᠮᠠᠨ ᠤ ᠰᠢᠶᠠᠨ ︽ᠡᠷᠴᠢ ᠵᠣᠷᠢᠭ ᠢᠶᠠᠨ ᠬᠥᠪᠴᠢᠯᠡᠵᠦ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠬᠦ ᠪᠠᠷ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠲᠡᠰᠢ ᠤᠷᠤᠭᠰᠢᠯᠠᠶ᠎ᠠ︾ ᠭᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠷᠤᠯᠳᠤᠭᠠᠨ ᠤ ᠠᠩᠬᠠᠨ ᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/9/21
    ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠠᠩᠬᠠᠷᠤᠯ ᠲᠠᠯᠪᠢᠬᠤ ᠬᠡᠮᠵᠢᠶ᠎ᠡ ᠪᠣᠯᠤᠨ ᠣᠷᠣᠯᠴᠠᠬᠤ ᠬᠡᠮᠵᠢᠶ᠎ᠡ  ᠪᠠᠨ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 20 ᠤ ᠡᠳᠦᠷ᠂ ᠮᠠᠨ ᠤ ᠰᠢᠶᠠᠨ ︽ᠡᠷᠴᠢ ᠵᠣᠷᠢᠭ ᠢᠶᠠᠨ ᠬᠥᠪᠴᠢᠯᠡᠵᠦ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠬᠦ ᠪᠠᠷ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠲᠡᠰᠢ ᠤᠷᠤᠭᠰᠢᠯᠠᠬᠤ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠷᠤᠯᠳᠤᠭᠠᠨ ᠤ ᠠᠩᠬᠠᠨ ᠤ ᠤᠷᠤᠯᠳᠤᠭᠠᠨ ᠤ ᠠᠵᠢᠯᠯᠠᠭ᠎ᠠ ᠥᠷᠨᠢᠭᠦᠯᠵᠡᠢ᠃     ᠲᠣᠰ ᠤᠳᠠᠭᠠᠨ ᠤ ᠤᠷᠤᠯᠳᠤᠭᠠᠨ ᠢ ᠰᠢᠶᠠᠨ ᠤ ᠨᠠᠮ ᠤᠨ ᠬᠤᠷᠢᠶ᠎ᠠ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠨᠣᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠡᠤᠬᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ ᠲᠣᠭᠲᠠᠭᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠳᠠᠯ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠢᠶᠠᠷᠤᠯᠲᠠ ᠶᠢᠨ ᠲᠦᠷᠢᠮ ᠵᠡᠷᠭᠡ ᠪᠠᠷ ᠭᠤᠤᠯ ᠠᠭᠤᠯᠭ᠎ᠠ ᠪᠣᠯᠭᠠᠵᠤ᠂ ᠪᠥᠬᠦ ᠰᠢᠶᠠᠨ ᠤ ᠡᠯ᠎ᠡ ᠨᠢᠭᠡᠴᠡ ᠠᠴᠠ ᠨᠡᠶᠢᠲᠡ 62 ᠨᠡᠷᠡᠰ ᠲᠠᠮᠢᠷᠴᠢᠨ ᠢ ᠰᠣᠩᠭᠤᠨ ᠪᠢᠷ ᠤᠨ ᠰᠢᠯᠭᠠᠯᠲᠠ ᠳᠤ ᠣᠷᠣᠯᠴᠠᠭᠤᠯᠵᠠᠶ᠃    ᠤᠯᠤᠰ ᠣᠷᠣᠨ ᠰᠡᠷᠭᠡᠶᠢᠯᠡᠯᠲᠡ ᠦᠭᠡᠢ ᠪᠣᠯ ᠲᠣᠭᠲᠠᠵᠤ ᠴᠢᠳᠠᠬᠤ ᠦᠭᠡᠢ᠂ ᠠᠷᠠᠳ ᠲᠦᠮᠡᠨ ᠰᠡᠷᠭᠡᠶᠢᠯᠡᠯᠲᠡ ᠦᠭᠡᠢ ᠪᠣᠯ ᠠᠮᠤᠷ ᠲᠦᠪᠰᠢᠨ ᠪᠠᠶᠢᠵᠤ ᠴᠢᠳᠠᠬᠤ ᠦᠭᠡᠢ᠃ ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠢᠶᠠᠷ ᠳᠠᠮᠵᠢᠭᠤᠯᠤᠨ᠂ ᠤᠷᠤᠯᠳᠤᠭᠠᠨ ᠳᠤ ᠣᠷᠣᠯᠴᠠᠭᠰᠠᠨ ᠺᠠᠳ᠋ᠷᠴᠤᠳ ᠲᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠨᠠᠩ ᠭᠦᠨᠵᠡᠭᠡᠶ ᠲᠠᠨᠢᠭᠤᠯᠵᠤ᠂ ᠰᠤᠷᠤᠯᠴᠠᠬᠤ ᠬᠠᠯᠠᠭᠤᠨ ᠰᠡᠳᠬᠢᠯᠭᠡ ᠶᠢ ᠨᠢ ᠳᠡᠭᠡᠭᠰᠢᠯᠡᠭᠦᠯᠦᠨ᠂ ᠪᠥᠬᠦ ᠰᠢᠶᠠᠨ ᠤ ᠺᠠᠳ᠋ᠷᠴᠤᠳ ᠤᠨ ᠢᠳᠡᠪᠬᠢᠲᠡᠶ ᠣᠷᠣᠯᠴᠠᠬᠤ ᠶᠢ ᠬᠥᠲᠥᠯᠥᠨ ᠵᠢᠯᠣᠭᠤᠳᠴᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠳᠥᠯᠭᠢᠨ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠲᠣᠭᠲᠠᠮᠠᠯ ᠬᠤᠭᠤᠴᠠᠭ᠎ᠠ ᠲᠠᠢ ᠪᠠᠷ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠨᠡᠩ ᠤᠯᠠᠨ ᠬᠥᠮᠦᠰ ᠲᠤ ᠤᠯᠤᠰ ᠤᠨ ᠠᠮᠤᠷ ᠲᠦᠪᠰᠢᠨ ᠤ ᠬᠡᠷᠡᠭ ᠶᠠᠪᠤᠳᠠᠯ ᠢ ᠣᠶᠢᠯᠠᠭᠠᠭᠤᠯᠵᠤ᠂ ᠡᠬᠡ ᠤᠯᠤᠰ ᠤᠨ ᠬᠥᠭᠵᠢᠯ ᠴᠡᠴᠡᠭᠯᠡᠯ ᠲᠣᠭᠲᠠᠭᠤᠨ ᠤ ᠲᠥᠯᠥᠭᠡ ᠬᠤᠪᠢ ᠨᠡᠮᠡᠷᠢ ᠦᠵᠡᠭᠦᠯᠦᠨ᠎ᠡ᠃                                                      ᠨᠠᠶᠢᠷᠠᠭᠤᠯᠤᠭᠴᠢ᠄  ᠯᠢ ᠬᠤᠩ ᠢᠦᠢ                                                        ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2