ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠪᠦᠬᠦ ᠰᠢᠶᠠᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠨ ᠤ ᠭᠦᠢᠴᠡᠳᠬᠡᠬᠦ ᠺᠣᠮᠢᠰ ᠤᠨ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/9/21
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ︽ᠦᠨᠳᠦᠰᠦᠨ ᠱᠠᠲᠤᠨ ᠤ ᠳᠠᠭᠠᠭᠤᠯᠤᠭᠴᠢ ᠶᠢ ᠪᠣᠯᠪᠠᠰᠤᠷᠠᠭᠤᠯᠬᠤ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ︽ᠰᠠᠭᠤᠷᠢ ᠶᠢ ᠴᠢᠩᠭᠠᠳᠬᠠᠨ ᠬᠡᠪᠴᠢᠶ᠎ᠡ ᠶᠢ ᠥᠷᠭᠡᠳᠬᠡᠨ ᠠᠮᠢᠳᠤᠯᠢᠭ ᠪᠣᠯᠭᠠᠬᠤ ᠢᠨᠵᠧᠨᠧᠷᠢᠩ︾ ᠢ ᠪᠥᠬᠦ ᠰᠢᠶᠠᠨ ᠳᠤ ᠭᠦᠨᠵᠡᠭᠡᠶ ᠬᠡᠷᠡᠭᠵᠢᠭᠦᠯᠬᠦ ᠶᠢ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠭᠦᠢᠴᠡᠳᠬᠡᠬᠦ ᠺᠣᠮᠢᠰ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠵᠤ᠂ 9 ᠰᠠᠷ᠎ᠠ ᠶᠢᠨ 20 ᠤ ᠡᠳᠦᠷ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠪᠥᠬᠦ ᠰᠢᠶᠠᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠺᠣᠮᠢᠰ ᠤᠨ ᠵᠢᠱᠢᠶ᠎ᠡ ᠦᠵᠡᠭᠦᠯᠬᠦ ᠪᠣᠯᠪᠠᠰᠤᠷᠠᠭᠤᠯᠤᠯ ᠤᠨ ᠠᠩᠭᠢ ᠶᠢ 1 ᠡᠳᠦᠷ ᠤᠨ ᠬᠤᠭᠤᠴᠠᠭ᠎ᠠ ᠲᠠᠢ ᠡᠷᠭᠢᠯᠡᠪᠡ᠃    ᠲᠣᠰ ᠤᠳᠠᠭᠠᠨ ᠤ ᠪᠣᠯᠪᠠᠰᠤᠷᠠᠭᠤᠯᠤᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠶᠠᠪᠤᠭᠳᠠᠭᠤᠯᠬᠤ ᠠᠷᠭ᠎ᠠ ᠮᠠᠶ᠋ᠢᠭ ᠢ ᠠᠪᠴᠤ᠂ ᠡᠯ᠎ᠡ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠭᠡᠰᠢᠭᠦᠨ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠢᠨ᠎ᠡ ᠬᠦᠷᠢᠶᠡᠨ ᠳᠠᠬᠢ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ 70 ᠬᠥᠮᠦᠨ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠳᠤ ᠣᠷᠣᠯᠴᠠᠵᠠᠶ᠃    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ︽2023 ᠣᠨ ᠤ ᠤᠯᠠᠭᠠᠨᠴᠠᠪ ᠬᠤᠲᠠ ᠶᠢᠨ ᠬᠠᠮᠤᠭ ᠤᠨ ᠭᠤᠶᠣ ᠬᠡᠷ ᠪᠦᠯᠢ ︵ᠵᠢᠱᠢᠶᠡᠴᠢ ᠡᠷᠦᠬᠡ︶ ᠶᠢ ᠨᠡᠶᠢᠲᠡᠯᠡᠬᠦ ᠲᠤᠬᠠᠶ ᠤᠯᠠᠭᠠᠨᠴᠠᠪ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ 2023 ᠣᠨ ᠤ ᠤᠯᠠᠭᠠᠨᠴᠠᠪ ᠬᠤᠲᠠ ᠶᠢᠨ ᠬᠠᠮᠤᠭ ᠤᠨ ᠭᠤᠶᠣ ᠬᠡᠷ ᠪᠦᠯᠢ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠳᠠᠷᠠᠭ᠎ᠠ ᠨᠢ᠂ ᠭᠤᠷᠪᠠᠨ ᠪᠠᠭᠰᠢ ᠲᠤᠰ ᠲᠤᠰ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ  ᠲᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠪᠠ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠵᠢᠴᠢ ᠵᠠᠩ ᠳᠠᠳᠬᠠᠯ ᠢ ᠥᠭᠡᠷᠡᠴᠢᠯᠡᠬᠦ ᠵᠡᠷᠭᠡ ᠠᠭᠤᠯᠭ᠎ᠠ ᠶᠢ ᠪᠠᠲᠤ ᠪᠠᠬᠢ ᠪᠤᠢ ᠪᠣᠯᠭᠠᠵᠤ ᠪᠣᠯᠪᠠᠰᠤᠷᠠᠭᠤᠯᠤᠯ ᠬᠢᠨ᠎ᠡ᠃                                    ᠨᠠᠶᠢᠷᠠᠭᠤᠯᠤᠭᠴᠢ᠄  ᠯᠢ ᠬᠤᠩ ᠢᠦᠢ                                      ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2