ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠨᠠᠢᠮᠠᠨ ᠰᠠᠷ᠎ᠠ ᠶᠢᠨ  ᠠᠷᠪᠠᠨ ᠲᠠᠪᠤᠨ ᠤ ᠪᠠᠶᠠᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/24
  9 ᠰᠠᠷ᠎ᠠ ᠶᠢᠨ 21 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ︽ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠨᠠᠶᠢᠷᠠᠮᠳᠠᠭᠤ ᠪᠠᠶᠢᠬᠤ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠢᠭᠡᠳᠦᠭᠡᠷ ᠹᠷᠣᠨᠲ ᠤᠨ ᠬᠥᠯᠥᠰᠥᠨ ᠠᠵᠢᠯᠴᠢᠨ ᠳᠤ ᠲᠣᠬᠤᠨᠢᠭᠤᠯᠬᠤ ᠪᠣᠳᠠᠰ ᠬᠦᠷᠭᠡᠵᠦ᠂ ᠤᠯᠠᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃    ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠲᠣᠬᠤᠨᠢᠭᠤᠯᠬᠤ ᠳᠤᠭᠤᠶᠢᠯᠠᠩ ᠤᠷᠢᠳ ᠬᠤᠵᠢᠳ ᠾᠦᠢ ᠵᠢᠶᠦ᠋ᠨ ᠮᠠᠯ ᠠᠵᠤ ᠠᠬᠤᠶ᠂ ᠶᠤᠸᠠᠨ ᠲᠦᠩ ᠲᠦᠷᠭᠡᠨ ᠬᠦᠷᠭᠡᠯᠲᠡ᠂ ᠯᠠᠨ ᠬᠠᠶ ᠵᠣᠴᠢᠳ ᠤᠨ ᠪᠠᠭᠤᠳᠠᠯ ᠳᠤ ᠬᠦᠷᠴᠦ᠂ ᠬᠦᠷᠦᠭᠰᠡᠨ ᠭᠠᠵᠠᠷ ᠪᠣᠯᠭᠠᠨ ᠳᠤ ᠠᠵᠢᠯᠴᠢᠨ ᠤ ᠡᠪᠯᠡᠯ ᠤᠨ ᠬᠠᠷᠢᠭᠤᠴᠠᠯᠭᠠᠲᠠᠨ ᠴᠥᠮ ᠨᠢᠭᠡᠳᠦᠭᠡᠷ ᠹᠷᠣᠨᠲ ᠤᠨ ᠬᠥᠯᠥᠰᠥᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠡᠳᠡᠨ ᠳᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠶᠧᠪᠡᠩ ᠪᠣᠯᠤᠨ ᠦᠨᠢᠶᠡᠨ  ᠰᠦ ᠬᠦᠷᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠲᠡᠳᠡᠨ ᠳᠤ ᠠᠵᠢᠯᠴᠢᠨ ᠤ ᠡᠪᠯᠡᠯ ᠤᠨ ᠬᠠᠯᠠᠮᠵᠢᠯᠠᠯ ᠢ ᠬᠦᠷᠲᠡᠭᠡᠭᠰᠡᠨ ᠪᠠᠶᠢᠨ᠎ᠠ᠃    ᠯᠠᠨ ᠬᠠᠶ ᠪᠠᠭᠤᠳᠠᠯ ᠤᠨ ᠠᠵᠢᠯᠲᠠᠨ ᠯᠢᠦ ᠯᠢ ᠬᠤᠸᠠ    ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠢᠳᠡᠨ ᠳᠤ ᠲᠣᠬᠤᠨᠢᠭᠤᠯᠬᠤ ᠪᠣᠳᠠᠰ ᠦᠨᠢᠶᠡᠨ  ᠰᠦ ᠪᠣᠯᠤᠨ ᠶᠧᠪᠡᠩ ᠬᠦᠷᠭᠡᠵᠦ ᠢᠷᠡᠭᠰᠡᠨ ᠳᠤ ᠮᠠᠰᠢ ᠬᠠᠯᠠᠭᠤᠨ ᠳᠤᠯᠠᠭᠠᠨ ᠰᠠᠨᠠᠭᠳᠠᠪᠠ᠂ ᠪᠢ ᠬᠤᠶᠢᠰᠢᠳᠠ ᠰᠠᠶᠢᠲᠤᠷ ᠠᠵᠢᠯᠯᠠᠵᠤ᠂ ᠮᠠᠨ ᠤ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠳᠤ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠠᠴᠠ ᠨᠢᠭᠡᠳᠦᠭᠡᠷ ᠹᠷᠣᠨᠲ ᠤᠨ ᠬᠥᠯᠥᠰᠥᠨ ᠠᠵᠢᠯᠴᠢᠨ ᠳᠤ 3.3 ᠲᠦᠮᠡᠨ ᠲᠥᠭᠦᠷᠢᠭ ᠤᠨ ᠥᠷᠲᠡᠭ ᠪᠥᠬᠦᠶ  ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠶᠧᠪᠡᠩ ᠪᠠ ᠦᠨᠢᠶᠡᠨ  ᠰᠦ 205 ᠬᠤᠪᠢ ᠲᠦᠭᠡᠭᠡᠨ ᠥᠭᠴᠡᠶ᠂ ᠡᠷᠬᠢᠨ ᠦᠵᠡᠵᠦ ᠲᠣᠬᠤᠨᠢᠭᠤᠯᠬᠤ ᠪᠠᠷ ᠳᠡᠮᠵᠢᠨ᠂ ᠠᠵᠢᠯᠴᠢᠨ ᠤ ᠡᠪᠯᠡᠯ ᠪᠠ ᠬᠥᠯᠥᠰᠥᠨ ᠠᠵᠢᠯᠴᠢᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠬᠥᠯᠥᠰᠥᠨ ᠠᠵᠢᠯᠴᠢᠨ ᠢ ᠬᠦᠨᠳᠦᠳᠬᠡᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠡᠳᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2