ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠶᠢ ᠠᠬᠢᠭᠤᠯᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/24
   ᠮᠠᠨ ᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠨᠠᠭᠰᠢᠳᠠ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 22 ᠤᠨ ᠡᠳᠦᠷ᠂ ᠪᠦᠬᠦ ᠬᠤᠳᠠ ᠶᠢᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠮᠠᠨ ᠤ ᠰᠢᠶᠠᠨ ᠳᠤ ᠶᠠᠪᠤᠭᠳᠠᠪᠠ᠃ ᠤᠯᠠᠭᠠᠨᠴᠠᠪ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠶᠢᠨ ᠳᠡᠳ᠋ ᠳᠠᠷᠤᠭ᠎ᠠ ᠹᠧᠩ ᠬᠤᠤ ᠬᠠᠢ᠂ ᠮᠠᠨ ᠤ ᠰᠢᠶᠠᠨ ᠤ ᠤᠳᠤᠷᠢᠳᠤᠯᠭ᠎ᠠ ᠯᠢ ᡁᠢ ᠭᠠᠩ ᠪᠣᠯᠪᠠᠰᠤᠷᠠᠯ ᠤᠨ ᠬᠤᠷᠠᠯ ᠳᠤ ᠣᠷᠣᠯᠴᠠᠪᠠ᠃    ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠸᠠᠩ ᠼᠦᠨ ᠰᠢᠨ ᠢ ᠣᠨᠴᠠ ᠤᠷᠢᠭᠰᠠᠨ ᠪᠣᠯᠪᠠᠰᠤᠷᠠᠭᠤᠯᠤᠯ ᠢᠶᠠᠷ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠳᠥᠯᠭᠢᠨ ᠠᠬᠢᠭᠤᠯᠬᠤ ᠠᠵᠢᠯ ᠳᠤ ᠬᠢᠴᠢᠶᠡᠯ ᠣᠷᠣᠵᠤ᠂ ᠣᠳᠣᠬᠠᠨ ᠤ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠳᠤ ᠣᠷᠣᠰᠢᠵᠤ ᠪᠠᠶᠢᠭ᠎ᠠ ᠠᠰᠠᠭᠤᠳᠠᠯ ᠳᠤ ᠭᠦᠨᠵᠡᠭᠡᠶ ᠵᠠᠳᠠᠯᠤᠯᠲᠠ ᠬᠢᠭᠰᠡᠨ ᠤ ᠬᠠᠮᠲᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠵᠠᠭᠪᠤᠷ ᠤᠨ ᠰᠣᠩᠭᠤᠯᠲᠠ ᠵᠢᠴᠢ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠬᠡᠷᠡᠭᠯᠡᠯᠲᠡ ᠶᠢ ᠨᠠᠷᠢᠨ ᠲᠠᠨᠢᠯᠴᠠᠭᠤᠯᠪᠠ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠩ ᠮᠤᠤ ᠪᠠᠯᠭᠠᠰᠤ ᠶᠢᠨ ᠵᠢᠩ ᠭᠸᠤ ᠲᠣᠰᠬᠤᠨ᠂  ᠲᠠᠭ᠎ᠠ ᠶᠢᠨ ᠨᠠᠭᠤᠷ ᠪᠠᠯᠭᠠᠰᠤ ᠶᠢᠨ ᠳ᠋ᠦ᠋ ᠵᠢᠶᠠ ᠲᠣᠰᠬᠤᠨ ᠪᠣᠯᠤᠨ ᠰᠢ ᠶᠢᠩᠽᠢ ᠲᠣᠰᠬᠤᠨ ᠳᠤ ᠬᠦᠷᠴᠦ᠂ ᠮᠠᠨ ᠤ ᠰᠢᠶᠠᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠦᠷ᠎ᠡ ᠪᠦᠲᠦᠮᠵᠢ᠂ ᠬᠥᠳᠡᠭᠡ ᠲᠣᠰᠬᠤᠨ ᠤ ᠵᠠᠰᠠᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠤᠯᠠᠨ ᠢᠶᠠᠷ ᠢᠶᠠᠨ ᠲᠤᠷᠰᠢᠯᠭ᠎ᠠ ᠪᠠᠨ ᠨᠠᠷᠢᠨ ᠬᠢᠨᠠᠮᠠᠭᠠᠢ ᠰᠤᠷᠤᠯᠴᠠᠵᠤ᠂ ᠰᠠᠨᠠᠯ ᠪᠤᠳᠤᠯ ᠢᠶᠠᠨ ᠰᠣᠯᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠢᠪᠲᠤᠯᠤᠯᠲᠠ ᠶᠢᠨ ᠠᠷᠭ᠎ᠠ ᠪᠤᠳᠤᠯᠭ᠎ᠠ᠂ ᠤᠨᠴᠠᠯᠢᠬᠳᠤ ᠵᠠᠮ ᠢ ᠬᠠᠮᠲᠤᠪᠠᠷ ᠰᠤᠳᠤᠯᠤᠨ ᠶᠠᠷᠢᠯᠴᠠᠪᠠ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠭᠰᠡᠨ ᠨᠢ ᠬᠤᠶᠢᠰᠢᠳᠠ ᠶᠢᠨ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠠᠵᠢᠯ ᠳᠤ ᠦᠨᠡᠨ ᠬᠦ ᠴᠢᠭᠯᠡᠯ ᠢ ᠲᠣᠳᠣᠷᠬᠠᠶ ᠵᠢᠭᠠᠨ ᠥᠭᠴᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠬᠦᠴᠦᠲᠡᠶ ᠳᠥᠯᠭᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠪᠥᠬᠦ ᠬᠤᠲᠠ ᠶᠢᠨ ᠡᠯ᠎ᠡ ᠬᠤᠰᠢᠭᠤ ᠰᠢᠶᠠᠨ᠂ ᠰᠢᠶᠠᠩ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠵᠣᠷᠯᠣᠩ ᠢ ᠥᠭᠡᠷᠡᠴᠢᠯᠡᠬᠦ ᠮᠡᠷᠭᠡᠵᠢᠯᠲᠡᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠶ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2