ᠮᠠᠩᠬᠠᠨ ᠪᠠᠯᠭᠠᠰᠤᠨ ᠤ ᠳ᠋ᠦᠩ ᠭᠸᠤ ᠮᠧᠨ ᠲᠣᠰᠬᠤᠨ᠄ ᠪᠢᠴᠢᠬᠠᠨ ᠪᠠᠯᠲᠤ ᠬᠡᠮᠬᠡ ᠶᠢᠨ ᠠᠪᠴᠢᠷᠠᠭᠰᠠᠨ ᠠᠮᠲᠠᠲᠤ ᠢᠳᠡᠭᠡᠨ
ᠨᠡᠶᠢᠲᠡᠯᠡᠭᠰᠡᠨ ᠴᠠᠭ᠄
2023/9/6
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠲᠤ ᠲᠦᠰᠢᠭᠯᠡᠵᠦ᠂  ᠤᠶᠢᠷ᠎ᠠ ᠶᠢᠨ ᠵᠢᠯ ᠠᠴᠠ᠂  ᠮᠠᠩᠬᠠᠨ ᠪᠠᠯᠭᠠᠰᠤ ᠶᠢᠨ ᠬᠢᠨ ᠲᠦᠬᠦᠭᠡᠷᠦᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ︽ᠣᠨᠴᠠᠭᠠᠢ ︾ ︽ᠰᠢᠯᠢᠳᠡᠭ︾ ᠲᠠᠷᠢᠶᠠᠯᠠᠩ ᠤᠨ ᠠᠵᠤ ᠦᠢᠯᠡᠰ ᠢ ᠪᠤᠶᠢᠵᠢᠭᠤᠯᠵᠤ᠂ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠲᠤ ᠭᠠᠷᠬᠤ ᠴᠠᠭ ᠤᠨ  ᠵᠦᠷᠢᠶ᠎ᠠ ᠶᠢ ᠰᠠᠶᠢᠲᠤᠷ ᠭᠠᠷᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠠᠷᠭ᠎ᠠ ᠵᠠᠮ ᠢ ᠥᠷᠭᠡᠳᠬᠡᠬᠦ ᠶᠢᠨ ᠵᠡᠷᠭᠡᠪᠡᠷ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠤᠭᠰᠠᠨ ᠪᠠᠶᠢᠨ᠎ᠠ᠃    ᠣᠶᠢᠷ᠎ᠠ ᠳᠤ᠂ ᠰᠤᠷᠪᠤᠯᠵᠢᠯᠠᠭᠴᠢ  ᠮᠠᠩᠬᠠᠨ ᠪᠠᠯᠭᠠᠰᠤᠨ ᠤ ᠳ᠋ᠦᠩ ᠭᠸᠤ ᠮᠤᠨ ᠲᠣᠰᠬᠤᠨ ᠤ ᠠᠮᠲᠠᠲᠤ ᠬᠡᠮᠬᠡ ᠶᠢᠨ ᠲᠠᠷᠢᠮᠠᠯ ᠤᠨ ᠰᠠᠭᠤᠷᠢᠨ ᠭᠠᠵᠠᠷ ᠲᠤ ᠬᠦᠷᠬᠦ ᠳᠤ᠂ ᠲᠡᠳᠡᠭᠡᠷ ᠪᠠᠯᠲᠤ ᠬᠡᠮᠬᠡ ᠨᠢ ᠴᠠᠭᠠᠨ ᠨᠣᠭᠤᠭᠠᠨ ᠥᠩᠭᠡ ᠪᠠᠷ ᠠᠯᠠᠭᠯᠠᠨ᠂ ᠬᠥᠮᠦᠰ ᠤᠨ ᠰᠢᠯᠦᠰᠦ ᠶᠢ ᠭᠤᠭᠤᠵᠢᠭᠤᠯᠵᠤ᠂ ᠠᠵᠢᠯᠴᠢᠳ ᠶᠠᠭ ᠰᠠᠶᠢᠬᠠᠨ ᠲᠡᠭᠦᠵᠦ᠂ ᠬᠠᠶᠢᠷᠴᠠᠭ ᠲᠤ ᠰᠠᠪᠠᠯᠠᠵᠤ᠂ ᠪᠣᠭᠤᠳᠠᠯᠯᠠᠵᠤ᠂ ᠪᠣᠷᠣᠯᠠᠭᠤᠯᠬᠤ ᠭᠠᠵᠠᠷ ᠲᠤ ᠶᠠᠪᠤᠭᠤᠯᠬᠤ ᠪᠠᠷ ᠶᠠᠭᠠᠷᠠᠯᠳᠤᠵᠤ ᠪᠠᠶᠢᠯ᠎ᠠ᠃ ᠵᠢᠵᠢᠭᠬᠡᠨ ᠪᠠᠯᠲᠤ ᠬᠡᠮᠬᠡ ᠨᠢ ᠲᠠᠷᠢᠮᠠᠯ ᠤᠨ ᠲᠣᠮᠣ ᠡᠷᠦᠬᠡ ᠶᠢᠨ ︽ᠵᠢᠷᠭᠠᠯᠲᠠᠶ  ᠤᠶᠢᠯᠡᠰ︾ ᠢ ᠪᠦᠲᠦᠭᠡᠭᠰᠡᠨ ᠢᠶᠠᠷ ᠪᠠᠷᠠᠬᠤ ᠥᠬᠡᠶ᠂ ᠪᠠᠰᠠ ᠡᠷᠬᠢᠨ ᠲᠣᠭᠤᠷᠢᠨ ᠤ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠰᠢᠭᠤᠳ ᠳᠠᠶᠢᠴᠢᠯᠠᠭᠰᠠᠨ ᠪᠠᠶᠢᠨ᠎ᠠ᠃    ᠳ᠋ᠦᠩ ᠭᠸᠤ ᠮᠧᠨ ᠲᠣᠰᠬᠤᠨ ᠨᠢ  ᠮᠠᠩᠬᠠᠨ ᠪᠠᠯᠭᠠᠰᠤ ᠶᠢᠨ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ ᠲᠤᠰ ᠭᠠᠵᠠᠷ ᠤᠨ ᠭᠠᠵᠠᠷ ᠤᠨ ᠪᠠᠶᠢᠴᠠ ᠨᠢ ᠲᠡᠭᠰᠢᠬᠡᠨ᠂ ᠵᠠᠮ ᠬᠠᠷᠢᠯᠴᠠᠭ᠎ᠠ ᠳᠥᠭᠦᠮ ᠳᠥᠲᠡ᠂ ᠵᠢᠯ ᠤᠨ ᠬᠤᠷᠠᠮᠳᠤᠯ ᠳᠤᠯᠠᠭᠠᠨ ᠥᠨᠳᠥᠷ᠂ ᠬᠢᠷᠠᠭᠤ ᠦᠭᠡᠢ ᠬᠤᠭᠤᠴᠠᠭ᠎ᠠ ᠤᠷᠳᠤ᠂ ᠡᠯᠡᠰᠦᠷᠬᠡᠭ ᠬᠥᠷᠥᠰᠥ ᠰᠢᠷᠣᠢ ᠶᠢᠨ ᠪᠠᠶᠢᠭᠠᠯᠢ ᠶᠢᠨ ᠨᠥᠬᠦᠴᠡᠯ ᠤᠨ ᠳᠠᠪᠠᠭᠤᠯᠢᠭ ᠲᠠᠢ᠂ ᠪᠠᠯᠲᠤ ᠬᠡᠮᠬᠡ ᠲᠠᠷᠢᠪᠠᠯ ᠮᠦ ᠪᠦᠷᠢ ᠳᠤ 7000 ᠭᠠᠷᠤᠢ ᠵᠢᠩ ᠤᠨ ᠥᠨᠳᠥᠷ ᠤᠨᠠᠯᠲᠠ ᠲᠠᠢ ᠪᠠᠶᠢᠵᠤ᠂ ᠮᠦ ᠪᠦᠷᠢ ᠳᠤ 2 ᠲᠦᠮᠡᠨ ᠲᠥᠭᠦᠷᠢᠭ ᠤᠨ ᠣᠷᠣᠯᠭ᠎ᠠ ᠣᠯᠵᠤ᠂ ᠭᠤᠣᠯᠳᠠᠭᠤ ᠪᠡᠭᠡᠵᠢᠩ᠂ ᠱᠠᠩᠬᠠᠢ᠂ ᠭᠤᠸᠠᠩᠵᠧᠦ ᠵᠡᠷᠭᠡ ᠭᠠᠵᠠᠷ ᠲᠤ ᠪᠣᠷᠣᠯᠠᠭᠤᠯᠤᠭᠳᠠᠵᠤ ᠪᠤᠢ᠃ ᠳ᠋ᠦ᠋ᠩ ᠭᠸᠤ ᠮᠧᠨ ᠲᠣᠰᠬᠤᠨ ᠨᠢ  ᠮᠠᠩᠬᠠᠨ ᠪᠠᠯᠭᠠᠰᠤᠨ ᠤ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ ᠮᠦ ᠪᠦᠷᠢ ᠶᠢᠨ ᠣᠷᠣᠯᠭ᠎ᠠ ᠨᠢ ᠪᠠᠷᠤᠭ 2 ᠲᠦᠮᠡᠨ ᠲᠥᠭᠦᠷᠢᠭ ᠲᠤ ᠬᠦᠷᠴᠦ᠂ ᠭᠤᠣᠯᠳᠠᠭᠤ ᠪᠡᠭᠡᠵᠢᠩ᠂ ᠱᠠᠩᠬᠠᠢ᠂ ᠭᠤᠸᠠᠩᠵᠧᠦ ᠵᠡᠷᠭᠡ ᠭᠠᠵᠠᠷ ᠲᠤ ᠪᠣᠷᠣᠯᠠᠭᠤᠯᠤᠭᠳᠠᠵᠤ ᠪᠤᠢ᠃ ᠪᠣᠯᠪᠠᠰᠤᠷᠠᠭᠰᠠᠨ ᠤ ᠳᠠᠷᠠᠭᠠᠬᠢ ᠰᠠᠷᠠᠨ ᠰᠢᠭᠦᠳᠡᠷᠢ ᠶᠢᠨ ᠨᠢᠭᠲᠠ ᠬᠡᠮᠬᠡ ᠶᠢᠨ ᠠᠮᠲᠠ ᠨᠢ ᠲᠠᠷᠪᠤᠰ ᠰᠢᠭ᠋ ᠲᠡᠶᠢᠮᠦ ᠬᠡᠦᠷᠡᠭ ᠪᠢᠰᠢ᠂ ᠪᠠᠰᠠ ᠬᠠᠮᠢᠯ ᠬᠡᠮᠬᠡ ᠰᠢᠭ ᠲᠡᠶᠢᠮᠦ ᠵᠥᠭᠡᠯᠡᠨ ᠪᠢᠰᠢ᠂ ᠬᠠᠷᠢᠨ ᠨᠢᠭᠡ  ᠵᠤᠶᠢᠯ ᠤᠨ ᠬᠡᠦᠷᠡᠭ ᠮᠥᠷᠲᠡᠭᠡᠨ ᠭᠥᠯᠢᠭᠡᠷ᠂ ᠰᠢᠬᠢᠷᠯᠢᠭ ᠵᠥᠭᠡᠯᠡᠨ ᠠᠮᠲᠠ ᠲᠠᠢ ᠪᠣᠯᠤᠭᠰᠠᠨ ᠤ ᠳᠠᠷᠠᠭ᠎ᠠ ᠠᠮᠠᠨ ᠠᠴᠠ ᠦᠯᠡᠳᠡᠭᠰᠡᠨ ᠠᠩᠬᠢᠯᠤᠮ᠎ᠠ ᠦᠨᠦᠷ ᠲᠠᠢ ᠪᠣᠯᠵᠣ᠂ ᠪᠠᠯᠲᠤ ᠬᠡᠮᠬᠡ ᠶᠢᠨ ᠳᠣᠲᠣᠷ᠎ᠠ ᠡᠯᠪᠡᠭ ᠸᠢᠲ᠋ᠠᠮᠢᠨ C ᠠᠭᠤᠯᠤᠭᠳᠠᠵᠤ᠂ ᠪᠠᠰᠠ ᠢᠳᠡᠭᠡᠨ ᠤ ᠰᠢᠷᠬᠡᠭᠯᠢᠭ᠂ ᠺᠠᠯᠼ᠂ ᠹᠣᠰᠹᠣᠷ᠂ ᠲᠡᠮᠦᠷ ᠵᠡᠷᠭᠡ ᠡᠯᠧᠮᠧᠨ᠋ᠲ ᠠᠭᠤᠯᠤᠭᠳᠠᠵᠤ ᠪᠠᠶᠢᠳᠠᠭ ᠪᠣᠯᠬᠤᠷ ᠬᠥᠮᠦᠨ ᠤ ᠪᠡᠶ᠎ᠡ ᠳᠤ ᠲᠦᠢᠯ ᠤᠨ ᠶᠡᠭᠡ ᠠᠰᠢᠭᠲᠠᠶ ᠪᠠᠶᠢᠳᠠᠭ᠃ ᠡᠨᠡ ᠨᠢ ᠬᠥᠮᠦᠨ ᠤ ᠪᠡᠶ᠎ᠡ ᠳᠤ ᠲᠦᠢᠯ ᠤᠨ ᠶᠡᠭᠡ ᠠᠴᠢ ᠬᠤᠯᠪᠣᠭᠳᠠᠯ ᠲᠠᠢ ᠶᠤᠮ᠂ ᠡᠭᠦᠨ ᠠᠴᠠ ᠭᠠᠳᠠᠨ᠎ᠠ ᠪᠠᠰᠠ ᠢᠳᠡᠭᠡᠨ ᠤ ᠰᠢᠷᠬᠡᠭᠯᠢᠭ᠂ ᠺᠠᠯᠼ᠂ ᠹᠣᠰᠹᠣᠷ᠂ ᠲᠡᠮᠦᠷ ᠵᠡᠷᠭᠡ ᠡᠯᠧᠮᠧᠨ᠋ᠲ ᠨᠢ ᠬᠥᠮᠦᠨ ᠤ ᠪᠡᠶ᠎ᠡ ᠳᠤ ᠲᠦᠢᠯ ᠤᠨ ᠶᠡᠭᠡ ᠠᠴᠢ ᠬᠤᠯᠪᠣᠭᠳᠠᠯ ᠲᠠᠢ ᠶᠤᠮ᠃    ᠪᠠᠯᠲᠤ ᠬᠡᠮᠬᠡ ᠶᠢᠨ ᠲᠠᠷᠢᠮᠠᠯ ᠨᠢ ᠲᠠᠷᠢᠶᠠᠴᠢᠳ ᠢ ︽ᠵᠣᠭᠤᠰᠣᠨ ᠤᠭᠤᠲᠠ︾ ᠲᠠᠢ ᠪᠣᠯᠭᠠᠵᠤ᠂ ᠬᠥᠳᠡᠭᠡ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︽ᠵᠢᠷᠭᠠᠯᠲᠠᠶ︾ ᠠᠵᠤ  ᠤᠶᠢᠯᠡᠰ ᠪᠣᠯᠭᠠᠭᠰᠠᠨ ᠪᠠᠶᠢᠨ᠎ᠠ᠃    ᠠᠮᠲᠠᠲᠤ ᠬᠡᠮᠬᠡ ᠶᠢᠨ ᠲᠠᠷᠢᠮᠠᠯ ᠤᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠰᠢᠤᠢ ᠶᠢᠩ ᠴᠦᠨ    ᠡᠨᠡ ᠵᠢᠯ ᠪᠢᠳᠡ ᠪᠠᠰᠠ ᠰᠢᠨ᠎ᠡ ᠡᠭᠦᠯᠳᠡᠷ ᠢ ᠣᠷᠣᠭᠤᠯᠪᠠ᠂ ᠤᠳᠤ 352 ᠮᠦ ᠲᠠᠷᠢᠮᠠᠯ ᠤᠨ ᠲᠠᠯᠠᠪᠠᠢ ᠲᠠᠢ᠂ ᠤᠳᠤ ᠦᠵᠡᠬᠦ ᠳᠤ ᠦᠷ᠎ᠡ ᠠᠰᠢᠭ ᠨᠡᠯᠢᠶᠡᠳ ᠰᠠᠶᠢᠨ ᠪᠠᠶᠢᠨ᠎ᠠ᠂ ᠳᠠᠷᠠᠭᠠᠴᠢ ᠶᠢᠨ ᠠᠯᠬᠤᠮ ᠳᠤ ᠪᠢᠳᠡ ᠦᠷᠭᠦᠯᠵᠢᠯᠡᠨ ᠶᠡᠭᠡ ᠬᠡᠪᠴᠢᠶ᠎ᠡ ᠪᠠᠷ ᠨᠡᠮᠡᠭᠳᠡᠭᠦᠯᠵᠦ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠢ ᠲᠠᠶᠢᠴᠢᠯᠠᠨ ᠬᠠᠮᠲᠤ ᠪᠠᠷ ᠪᠠᠶᠠᠵᠢᠭᠤᠯᠬᠤ ᠪᠠᠷ ᠲᠥᠯᠥᠪᠯᠡᠵᠦ ᠪᠠᠶᠢᠨ᠎ᠠ  ᠭᠡᠪᠡ᠃                                      ᠨᠠᠶᠢᠷᠠᠭᠤᠯᠤᠭᠴᠢ᠄   ᠶᠠᠩ  ᠿᠦᠢ ᠵᠧᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2