ᠮᠠᠨ ᠤ ᠰᠢᠶᠠᠨ ᠤ ᠵᠢᠭᠤᠯᠴᠢᠯᠠᠯ ᠤᠨ ᠠᠵᠢᠯ ᠲᠥᠷᠥᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ | ᠳᠡᠭᠡᠭᠰᠢᠯᠡᠭᠦᠯᠵᠦ᠂ ᠵᠢᠭᠤᠯᠴᠢᠯᠠᠯ ᠤᠨ ᠤᠶᠢᠯᠡᠴᠢᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠤᠨ᠂ ᠲᠣᠰ ᠠᠵᠢᠯ | ᠲᠥᠷᠥᠯ ᠤᠨ ᠡᠷᠡᠭᠦᠯ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠰᠢᠶᠠᠨ ᠤ ︽ᠪᠥᠬᠦ | ᠴᠠᠷᠠᠭ᠎ᠠ ᠪᠥᠬᠦ ᠤᠯᠠᠷᠢᠯ ᠤᠨ︾ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠬᠠᠷᠠᠯᠲᠠ ᠶᠢᠨ | ᠠᠬᠢᠴᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠶᠢᠨ ᠲᠤᠰᠠᠳᠠ᠂ 9 ᠰᠠᠷ᠎ᠠ ᠶᠢᠨ 2 ᠤᠨ ᠡᠳᠦᠷ᠂ | ᠮᠠᠨ ᠤ ᠰᠢᠶᠠᠨ ᠵᠤᠭᠠᠴᠠᠯ ᠤᠨ ᠠᠵᠢᠯᠲᠠᠳ ᠤᠨ ᠪᠣᠯᠪᠠᠰᠤᠷᠠᠯ ᠤᠨ ᠠᠩᠬᠢ ᠡᠷᠬᠢᠯᠡᠪᠡ᠃ | ᠲᠣᠰ ᠤᠳᠠᠭᠠᠨ ᠤ ᠪᠣᠯᠪᠠᠰᠤᠷᠠᠯ ᠨᠢ ᠬᠤᠶᠠᠷ ᠡᠳᠦᠷ ᠶᠠᠪᠤᠭᠳᠠᠵᠤ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠵᠢᠭᠤᠯᠴᠢᠯᠠᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠦᠷ ᠰᠥᠩ ᠾᠧ ᠶᠢᠤ ᠪᠣᠯᠤᠨ | ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠳᠡᠭᠡᠳᠦ | ᠰᠤᠷᠭᠠᠭᠤᠯᠢ ᠶᠢᠨ ᠳᠡᠳ᠋ ᠫᠷᠤᠹᠧᠰᠰᠦᠷ ᠹᠧᠩ ᠱᠸᠤ ᠢᠦᠶ ᠶᠢ ᠤᠷᠢᠵᠤ ᠲᠤᠰᠬᠠᠶ ᠰᠡᠳᠦᠪᠲᠦ ᠪᠣᠯᠪᠠᠰᠤᠷᠠᠯ ᠬᠢᠯᠭᠡᠪᠡ᠃ | ᠬᠤᠶᠠᠷ ᠲᠤᠰᠬᠠᠶ ᠮᠡᠷᠭᠡᠵᠢᠯᠲᠡᠨ ᠭᠤᠤᠯᠳᠠᠭᠤ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠵᠢᠴᠢ ᠠᠵᠢᠯ ᠲᠥᠷᠥᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠤᠨ ᠮᠠᠭᠠᠳᠯᠠᠬᠤ᠂ | ᠵᠢᠭᠤᠯᠴᠢᠯᠠᠯ ᠤᠨ ᠬᠥᠭᠵᠢᠯᠲᠡ ᠶᠢᠨ ᠬᠠᠯᠠᠭᠤᠨ ᠴᠡᠭ ᠤᠨ ᠠᠰᠠᠭᠤᠳᠠᠯ ᠢ ᠵᠠᠳᠠᠯᠬᠤ᠂ ᠵᠢᠭᠤᠯᠴᠢᠯᠠᠯ ᠤᠨ | ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠ ᠪᠣᠯᠪᠠᠰᠤᠨ ᠵᠢᠭᠤᠯᠴᠢᠯᠠᠯ ᠢ ᠬᠥᠲᠥᠯᠦᠨ ᠵᠢᠯᠣᠭᠤᠳᠬᠤ᠂ | ᠵᠢᠭᠤᠯᠴᠢᠯᠠᠯ ᠤᠨ ᠠᠮᠤᠷ ᠲᠦᠪᠰᠢᠨ ᠢ ᠤᠷᠢᠳᠴᠢᠯᠠᠨ ᠰᠡᠷᠭᠡᠶᠢᠯᠡᠬᠦ ᠪᠠ ᠬᠠᠮᠢᠶᠠᠷᠬᠤ ᠵᠡᠷᠭᠡ ᠲᠠᠯ᠎ᠠ ᠪᠠᠷ ᠬᠢᠴᠢᠶᠡᠯ | ᠣᠷᠣᠵᠤ ᠪᠠᠶᠢᠨ᠎ᠠ᠃ ᠬᠢᠴᠢᠶᠡᠯ ᠵᠢᠭᠠᠬᠤ ᠪᠠᠭᠰᠢ ᠶᠢᠨ ᠤᠨᠤᠯ ᠢ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ | ᠵᠢᠱᠢᠶ᠎ᠡ ᠶᠢᠨ ᠬᠢᠴᠢᠶᠡᠯ ᠵᠢᠭᠠᠬᠤ ᠠᠷᠭ᠎ᠠ ᠬᠡᠯᠪᠡᠷᠢ ᠨᠢ ᠰᠤᠷᠤᠭᠴᠢᠳ ᠲᠤ ᠮᠡᠳᠡᠷᠡᠭᠳᠡᠨ ᠬᠠᠯᠠᠭᠤᠨ ᠢᠶᠠᠷ ᠣᠷᠣᠯᠴᠠᠵᠤ᠂ | ᠬᠢᠴᠢᠶᠡᠯ ᠤᠨ ᠲᠠᠩᠬᠢᠮ ᠠᠴᠠ ᠪᠠᠶᠢᠨ ᠪᠠᠶᠢᠨ ᠠᠯᠠᠭ᠎ᠠ ᠲᠠᠰᠢᠯᠳᠠ ᠶᠢᠨ ᠲᠠᠭᠤᠨ ᠰᠣᠨᠣᠰᠳᠠᠵᠤ ᠪᠠᠶᠢᠯ᠎ᠠ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠭᠠᠳ ᠡᠯᠪᠡᠭ ᠳᠡᠯᠪᠡᠭ ᠠᠮᠵᠢᠯᠲᠠ ᠣᠯᠵᠠᠶ᠂ ᠡᠨᠡ ᠨᠢ | ᠣᠳᠣᠬᠠᠨ ᠤ ᠵᠢᠭᠤᠯᠴᠢᠯᠠᠯ ᠤᠨ ᠤᠶᠢᠯᠡᠰ ᠤᠨ ᠬᠥᠭᠵᠢᠯᠲᠡ ᠶᠢᠨ ᠬᠠᠨᠳᠤᠰᠢ ᠶᠢᠨ ᠲᠤᠬᠠᠶ ᠰᠢᠨ᠎ᠡ ᠲᠠᠨᠢᠯᠲᠠ ᠪᠠ | ᠣᠶᠢᠯᠠᠭᠠᠯᠲᠠ ᠲᠠᠢ ᠪᠣᠯᠤᠭᠰᠠᠨ ᠢᠶᠠᠷ ᠪᠠᠷᠠᠬᠤ ᠥᠬᠡᠶ᠂ ᠮᠠᠨ ᠤ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠢ ᠬᠡᠷᠬᠢᠨ | ᠠᠭᠤᠳᠠᠯᠤᠨ ᠢᠯᠡᠷᠡᠭᠦᠯᠬᠦ ᠲᠤᠬᠠᠶ ᠰᠢᠨ᠎ᠡ ᠪᠣᠳᠣᠯ ᠪᠠ ᠰᠡᠳᠬᠢᠮᠵᠢ ᠲᠠᠢ ᠪᠣᠯᠵᠠᠶ᠂ ᠬᠤᠵᠢᠮ ᠰᠣᠷᠣᠭᠰᠠᠨ ᠣᠨᠣᠯ ᠤᠨ | ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠬᠦ ᠬᠡᠷᠡᠭᠲᠡᠶ ᠭᠡᠵᠦ ᠰᠤᠷᠤᠭᠴᠢᠳ ᠬᠤᠶᠢᠨ᠎ᠠ | ᠬᠤᠶᠢᠨ᠎ᠠ ᠠᠴᠠ ᠪᠠᠨ ᠢᠯᠡᠷᠬᠡᠶᠢᠯᠡᠵᠡᠶ᠃ | ᠰᠢᠶᠠᠨ ᠤ ᠤᠳᠤᠷᠢᠳᠤᠯᠭ᠎ᠠ ᠸᠠᠩ ᠵᠢᠶᠦ᠋ᠨ ᠶᠦᠩ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ |