ᠪᠡᠭᠡᠵᠢᠩ ᠤᠨ ᠰᠦᠯᠵᠢᠶᠡᠨ ᠤ ᠠᠵᠤ ᠠᠬᠤᠶᠢᠯᠠᠯ ᠤᠨ ᠬᠤᠪᠢᠰᠬᠠᠯ ᠤᠨ ᠬᠠᠭᠤᠴᠢᠨ ᠨᠤᠲᠤᠭ ᠤᠨ ᠠᠶᠠᠯᠠᠯ ᠤᠨ ᠰᠢᠨᠵᠢᠯᠡᠨ ᠪᠠᠶᠢᠴᠠᠭᠠᠬᠤ ᠪᠦᠯᠬᠦᠮ ᠯᠢᠶᠠᠩᠴᠧᠩ ᠳᠤ ᠬᠦᠷᠴᠦ  ᠪᠠᠶᠢᠴᠠᠭᠠᠨ  ᠰᠤᠳᠤᠯᠤᠯᠳᠡ‌‍ᠬᠢᠪᠡ
ᠨᠡᠶᠢᠲᠡᠯᠡᠭᠰᠡᠨ ᠴᠠᠭ᠄
2023/9/6
  9 ᠰᠠᠷ᠎ᠠ ᠶᠢᠨ 5 ᠤ ᠡᠳᠦᠷ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ  ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠪᠣᠯᠤᠨ ᠨᠡᠶᠢᠰᠯᠡᠯ ᠤᠨ ᠢᠨᠲ᠋ᠧᠷ  ᠰᠦᠯᠵᠢᠶᠡᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ 2023 ᠪᠡᠭᠡᠵᠢᠩ ᠤᠨ ᠰᠦᠯᠵᠢᠶᠡᠨ ᠤ ᠠᠵᠤ ᠠᠬᠤᠶᠢᠯᠠᠯ ᠤᠨ ᠬᠤᠪᠢᠰᠬᠠᠯ ᠤᠨ ᠬᠠᠭᠤᠴᠢᠨ ᠨᠤᠲᠤᠭ ᠤᠨ ᠠᠶᠠᠯᠠᠯ ᠯᠢᠶᠠᠩᠴᠧᠩ ᠰᠢᠶᠠᠨ ᠳᠤ ᠬᠦᠷᠴᠦ ᠪᠠᠶᠢᠴᠠᠭᠠᠨ  ᠰᠤᠳᠤᠯᠤᠯᠳᠡ ᠬᠢᠵᠦ᠂ ᠪᠡᠭᠡᠵᠢᠩ ᠠᠴᠠ ᠢᠷᠡᠭᠰᠡᠨ ᠰᠦᠯᠵᠢᠶᠡᠨ ᠤ ᠠᠵᠤ ᠠᠬᠤᠶᠢᠯᠠᠯ ᠤᠨ ᠪᠠᠶ ᠳ᠋ᠦ᠋᠂ ᠰᠢᠨ ᠯᠠᠩ᠂ ᠰᠸᠦ  ᠬᠤᠤ᠂ ᠸᠠᠩ ᠢ᠂ ᠲᠤᠩ ᠰᠢᠶᠦ᠋ᠨ᠂   ᠹᠧᠩ ᠬᠤᠸᠠᠩ ᠰᠦᠯᠵᠢᠶ᠎ᠡ᠂ ᠪᠢᠴᠢᠯ ᠪᠯᠤᠭ ᠵᠡᠷᠭᠡ 35 ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠵᠢᠴᠢ ᠰᠦᠯᠵᠢᠶᠡᠨ ᠤ ᠨᠠᠷᠠᠲᠤ ᠬᠥᠮᠦᠰ ᠲᠣᠭᠤᠷᠢᠨ ᠰᠤᠷᠪᠤᠯᠵᠢᠯᠠᠬᠤ ᠪᠦᠯᠬᠦᠮ ᠪᠠᠶᠢᠭᠤᠯᠵᠤ ᠮᠠᠨ ᠤ ᠰᠢᠶᠠᠨ ᠳᠤ ᠠᠵᠢᠯᠯᠠᠭ᠎ᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠶ᠂ ᠰᠢᠶᠠᠨ ᠤ ᠤᠳᠤᠷᠢᠳᠤᠯᠭ᠎ᠠ ᠯᠢᠦ ᠶᠢᠨ ᠲᠤᠤ᠂ ᠷᠧᠨ ᠳ᠋ᠦᠩ ᠮᠢᠩ ᠠᠵᠢᠯᠯᠠᠭ᠎ᠠ ᠳᠤ ᠣᠷᠣᠯᠴᠠᠵᠠᠶ᠃
       ᠠᠶᠢᠯᠴᠢᠯᠠᠯᠲᠠ ᠶᠢᠨ ᠪᠦᠯᠬᠦᠮ ᠤᠨ ᠬᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠠᠮᠵᠢᠨ ᠮᠠᠨ ᠤ ᠰᠢᠶᠠᠨ ᠤ ᠠᠮᠢ ᠠᠬᠤᠢ᠂ ᠰᠣᠶᠣᠯ ᠢᠷᠭᠡᠨᠰᠢᠯ᠂ ᠠᠵᠤ ᠦᠢᠯᠡᠰ ᠵᠡᠷᠭᠡ ᠪᠠᠶᠢᠳᠠᠯ ᠢ ᠨᠠᠷᠢᠨ ᠣᠶᠢᠯᠠᠭᠠᠵᠤ᠂  ᠲᠠᠭ᠎ᠠ ᠶᠢᠨ  ᠨᠠᠭᠤᠷ ᠲᠤ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠤᠷᠠᠯ ᠳᠤ ᠣᠷᠣᠯᠴᠠᠭᠰᠠᠨ ᠵᠣᠴᠢᠳ ᠲᠤ ᠯᠢᠶᠠᠩᠴᠧᠩ ᠰᠢᠶᠠᠨ ᠤ ᠰᠣᠶᠣᠯ ᠢᠷᠭᠡᠨᠰᠢᠯ ᠤᠨ ᠲᠡᠦᠬᠡ ᠶᠢᠨ ᠳᠠᠪᠠᠭᠤᠯᠢᠭ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠳᠠᠪᠠᠭᠤᠯᠢᠭ ᠢ ᠲᠠᠨᠢᠯᠴᠠᠭᠤᠯᠵᠤ᠂ ᠵᠤᠭᠠᠴᠠᠯ᠂ ᠣᠷᠴᠢᠨ ᠲᠣᠭᠤᠷᠢᠨ᠂ ᠠᠵᠤ ᠦᠢᠯᠡᠰ ᠪᠣᠯᠤᠨ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠲᠠᠨᠢᠯᠴᠠᠭᠤᠯᠵᠠᠢ᠃    ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠰᠣᠯᠢᠯᠴᠠᠭ᠎ᠠ ᠪᠠᠷ ᠳᠡᠮᠵᠢᠨ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠨᠠᠩ ᠣᠯᠠᠨ ᠠᠵᠤ ᠠᠬᠤᠶᠢᠯᠠᠯ ᠢ ᠲᠡᠳᠡᠨ ᠬᠠᠮᠵᠢᠯᠴᠠᠭ᠎ᠠ ᠳᠤ ᠣᠷᠣᠯᠴᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠬᠦᠴᠦᠨ ᠪᠠ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠪᠠ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2