ᠮᠠᠨ ᠤ ᠰᠢᠶᠠᠨ ᠵᠠᠰᠠᠭ  ᠪᠠᠩᠬᠢ ᠶᠢᠨ ᠬᠠᠮᠲᠤᠷᠠᠯᠴᠠᠭᠠᠨ ᠤ ᠤᠶᠤᠨᠲᠤ ᠦᠵᠦᠭᠦᠷ ᠢ ᠦᠨᠳᠦᠰᠦᠨ ᠱᠠᠲᠤᠨ ᠳᠤ ᠪᠠᠭᠤᠯᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/6
   ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠠᠷᠠᠳ ᠤᠨ ᠠᠮᠢᠳᠤᠷᠠᠯ ᠤᠨ ᠤᠶᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 1 ᠤ ᠡᠳᠦᠷ᠂ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ ᠪᠠᠩᠬᠢ ᠲᠠᠢ ᠬᠠᠮᠲᠤᠷᠠᠨ  ᠲᠠᠭ᠎ᠠ ᠶᠢᠨ ᠨᠠᠭᠤᠷ ᠪᠠᠯᠭᠠᠰᠤᠨ ᠤ ᠰᠢ ᠶᠢᠩ ᠲᠣᠰᠬᠤᠨ ᠤ ᠠᠷᠠᠳ ᠤᠨ ᠵᠥᠪᠯᠡᠯ ᠳᠤ ᠵᠠᠰᠠᠭ ᠪᠠᠩᠬᠢ ᠶᠢᠨ ᠬᠠᠮᠲᠤᠷᠠᠯᠴᠠᠭᠠᠨ ᠤ ᠤᠶᠤᠨᠲᠤ ᠦᠵᠦᠭᠦᠷᠯᠢᠭ ᠤᠨ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠥᠷᠨᠢᠭᠦᠯᠪᠡ  ᠃    ᠠᠵᠢᠯᠯᠠᠭ᠎ᠠ ᠶᠢᠨ ᠳᠤᠮᠳᠠ᠂ ᠲᠤᠬᠠᠶ ᠶᠢᠨ ᠲᠠᠯᠠᠪᠤᠷ ᠲᠤ ᠡᠯ᠎ᠡ ᠰᠢᠶᠠᠩ ᠪᠠᠯᠭᠠᠰᠤᠨ ᠳᠤ ︽ᠢᠦᠶ ᠨᠦᠩ ᠲᠦᠩ︾ ᠤᠶᠤᠨᠲᠤ ᠦᠵᠦᠭᠦᠷ ︵ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ︶ ᠢ ᠲᠣᠰ ᠲᠣᠰ 12 ᠲᠦᠭᠡᠭᠡᠪᠡ᠃ ︽ᠢᠦᠶ ᠨᠦᠩ ᠲᠦᠩ︾ ᠤᠶᠤᠨᠲᠤ ᠦᠵᠦᠭᠦᠷ ᠢ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠠᠴᠠ ᠨᠡᠭᠡᠭᠡᠨ ᠠᠰᠢᠭᠯᠠᠬᠤ ᠶᠢᠨ ᠬᠠᠮᠲᠤ ᠠᠵᠢᠯᠯᠠᠭᠤᠯᠵᠤ᠂ ᠭᠤᠤᠯᠳᠠᠭᠤ ᠪᠡᠯᠡᠨ ᠵᠣᠭᠤᠰ ᠤᠨ ᠪᠤᠰᠤ ᠲᠤᠬᠠᠶᠢᠯᠠᠭᠰᠠᠨ ᠠᠵᠢᠯ ᠳᠤ ᠴᠢᠭᠯᠡᠭᠦᠯᠦᠨ᠂ ᠪᠠᠩᠬᠢ ᠶᠢᠨ ᠲᠠᠩᠰᠠᠨ ᠡᠷᠦᠬᠡ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ᠂ ᠲᠠᠩᠰᠠ ᠰᠢᠯᠵᠢᠭᠦᠯᠵᠦ ᠪᠣᠯᠤᠨ᠎ᠠ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠴᠠᠬᠢᠯᠭᠠᠨ ᠤ  ᠰᠤᠶᠢᠳᠭᠡᠯ᠂ ᠤᠲᠠᠰᠤᠨ ᠤ ᠰᠤᠶᠢᠳᠭᠡᠯ ᠵᠡᠷᠭᠡ ᠵᠠᠷᠤᠳᠠᠯ ᠢ ᠲᠤᠰᠢᠶᠠᠵᠤ ᠪᠣᠯᠤᠨ᠎ᠠ᠂ ᠤᠷᠢᠳᠴᠢᠯᠠᠨ ᠪᠣᠯᠵᠣᠵᠤ ᠺᠠᠷᠲ ᠨᠡᠭᠡᠭᠡᠬᠦ ᠶᠢᠨ ᠬᠠᠮᠲᠤ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠳᠤ ᠬᠠᠨᠳᠤᠭᠤᠯᠤᠨ ᠬᠠᠷᠠᠭᠠᠯᠵᠠᠯᠲᠤ ᠵᠢᠭᠡᠯᠡᠯᠭᠡ ᠥᠭᠴᠦ ᠪᠣᠯᠤᠨ᠎ᠠ᠃    ︽ᠢᠦᠶ ᠨᠦᠩ ᠲᠦᠩ︾ ᠤᠶᠤᠨᠲᠤ ᠦᠵᠦᠭᠦᠷ ᠤᠨ ᠲᠠᠷᠬᠠᠭᠠᠯᠲᠠ ᠨᠢ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠣᠯᠠᠨ ᠲᠦᠮᠡᠨ ᠤ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠵᠡᠶ᠃     ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠯᠢᠶᠠᠩᠴᠧᠩ ᠰᠢᠶᠠᠨ ᠤ ᠰᠠᠯᠪᠤᠷᠢ ᠪᠠᠩᠬᠢ ᠶᠢᠨ ᠳᠡᠳ᠋ ᠳᠠᠷᠤᠭ᠎ᠠ ᠪᠠᠶ ᠰᠢᠶᠤᠤ  ᠮᠧᠩ    ᠮᠠᠨ ᠤ ᠪᠠᠩᠬᠢ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠪᠠᠰᠠ 35 ᠰᠠᠭᠤᠷᠢ ᠤᠶᠤᠨᠲᠤ ᠦᠵᠦᠭᠦᠷ ᠢ ᠭᠤᠶᠤᠴᠢᠯᠠᠵᠠᠶ᠂ ᠮᠠᠰᠢᠨ ᠪᠠᠭᠠᠵᠢ ᠶᠢ ᠣᠷᠣᠨ ᠪᠠᠶᠢᠷᠢ ᠳᠤᠨᠢ ᠣᠷᠣᠭᠤᠯᠤᠭᠰᠠᠨ ᠤ ᠲᠠᠷᠠᠭ᠎ᠠ᠂ ᠴᠠᠭ ᠲᠤᠬᠠᠶ ᠳᠤᠨᠢ ᠵᠠᠰᠠᠭ ᠵᠠᠬᠢᠷᠭᠠᠨ ᠤ ᠭᠠᠴᠠᠭ᠎ᠠ ᠪᠤᠶᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠤᠭᠰᠠᠷᠠᠭᠤᠯᠤᠨ ᠲᠠᠯᠪᠢᠵᠤ᠂ ᠡᠯ᠎ᠡ ᠰᠢᠶᠠᠩ ᠪᠠᠯᠭᠠᠰᠤᠨ ᠤ ᠭᠠᠴᠠᠭᠠᠨ ᠤ ᠠᠷᠠᠳ ᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠡᠷᠤᠭᠡ ᠳᠠᠷᠠᠭᠠᠯᠠᠨ ᠤᠭᠰᠠᠷᠠᠭᠤᠯᠵᠤ᠂ ᠠᠵᠢᠯᠯᠠᠵᠤ ᠴᠢᠳᠠᠬᠤ᠂ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃    ᠰᠢᠶᠠᠨ ᠤ ᠤᠳᠤᠷᠢᠳᠤᠯᠭ᠎ᠠ ᠪᠠᠢ ᠯᠢ ᠵᠢᠶᠦ᠋ᠨ ᠵᠢᠴᠢ ᠬᠠᠮᠢᠶ᠎ᠠ ᠪᠦᠬᠦᠢ ᠨᠢᠭᠡᠴᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃                                                          ᠨᠠᠶᠢᠷᠠᠭᠤᠯᠤᠭᠴᠢ᠄   ᠶᠠᠩ  ᠿᠦᠢ ᠵᠧᠨ                                                ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2