ᠤᠯᠠᠭᠠᠨᠴᠠᠪ ᠬᠤᠲᠠ ᠶᠢᠨ ᠡᠷᠲᠡ ᠴᠢᠯᠥᠭᠡᠯᠡᠭᠳᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠤᠳᠤᠷᠢᠳᠤᠯᠭ᠎ᠠ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/9/6
   9 ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠶᠢᠨ ᠡᠷᠲᠡ ᠴᠢᠯᠥᠭᠡᠯᠡᠭᠳᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠸᠠᠩ ᠭᠦᠸᠧ ᠰᠢᠶᠠᠩ ᠨᠠᠷ ᠮᠠᠨ ᠤ ᠰᠢᠶᠠᠨ ᠳᠤ ᠬᠦᠷᠴᠦ ᠡᠷᠲᠡ ᠴᠢᠯᠥᠭᠡᠯᠡᠭᠳᠡᠭᠰᠡᠨ ᠣᠷᠣᠨ ᠤ ᠤᠨᠴᠠᠯᠢᠭᠳᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠪᠥᠲᠥᠭᠡᠨ ᠪᠠᠶᠢᠭᠤᠯᠤᠯᠲᠠ ᠪᠠ ᠤᠨᠴᠠᠯᠢᠭᠳᠤ ᠳᠠᠷᠢᠵᠤ ᠲᠡᠵᠢᠭᠡᠬᠦ ᠤᠶᠢᠯᠡᠰ ᠵᠡᠷᠭᠡ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᠢᠦᠢ ᠱᠦᠢ ᠮᠢᠩ᠂ ᠵᠠᠢ ᠵᠢᠢ ᠴᠢᠩ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠮᠠᠶᠢᠬᠤᠳᠤ ᠪᠠᠯᠭᠠᠰᠤ᠂ ᠲᠠᠭ᠎ᠠ ᠶᠢᠨ ᠨᠠᠭᠤᠷ ᠪᠠᠯᠭᠠᠰᠤ ᠵᠢᠴᠢ  ᠬᠤᠩ ᠮᠤᠦ ᠪᠠᠯᠭᠠᠰᠤᠨ ᠳᠤ ᠭᠦᠨᠵᠡᠭᠡᠶᠢᠷᠡᠵᠦ᠂ ᠮᠠᠨ ᠤ ᠰᠢᠶᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠲᠦᠬᠦᠭᠡᠷᠦᠮᠵᠢᠲᠦ ᠲᠠᠷᠢᠶᠠᠯᠠᠩ ᠤᠨ ᠪᠦᠳᠦᠭᠡᠨ ᠪᠠᠶᠢᠭᠤᠯᠤᠯᠲᠠ᠂ ᠤᠶᠤᠨᠲᠤ ᠲᠠᠷᠢᠶᠠᠯᠠᠩ ᠤᠨ ᠬᠥᠭᠵᠢᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠨᠴᠠᠯᠢᠭᠳᠤ ᠠᠵᠤ ᠦᠢᠯᠡᠰ ᠵᠡᠷᠭᠡ ᠪᠠᠶᠢᠳᠠᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠠᠵᠤ ᠦᠢᠯᠡᠰ ᠤᠨ ᠬᠥᠭᠵᠢᠯᠲᠡ ᠪᠣᠯ ᠭᠤᠣᠯᠳᠠᠯᠭ᠎ᠠ ᠪᠣᠯᠤᠨ᠎ᠠ᠂ ᠲᠥᠷᠥᠯ ᠲᠡᠮᠳᠡᠭ ᠤᠨ ᠪᠠᠶᠢᠭᠤᠯᠤᠯᠲᠠ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠣᠰ ᠭᠠᠵᠠᠷ ᠣᠷᠣᠨ ᠤ ᠤᠨᠴᠠᠯᠢᠬᠳᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠢᠳᠡᠪᠬᠢᠲᠡᠶ ᠬᠢᠵᠦ᠂ ᠲᠤᠬᠠᠶ ᠶᠢᠨ ᠭᠠᠵᠠᠷ ᠤᠨ ᠳᠠᠪᠠᠭᠤᠯᠢᠭ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠠᠵᠤ  ᠤᠶᠢᠯᠡᠰ ᠢ ᠪᠠᠷᠢᠮᠵᠢᠶᠠᠵᠢᠭᠤᠯᠬᠤ᠂ ᠳᠡᠭᠡᠳᠦ ᠦᠵᠦᠭᠦᠷᠵᠢᠭᠦᠯᠬᠦ᠂ ᠨᠠᠷᠠᠲᠤ ᠲᠥᠷᠥᠯ ᠲᠡᠮᠳᠡᠭᠵᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂  ᠤᠶᠢᠯᠡᠳᠪᠤᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠪᠠᠷ ᠭᠤᠤᠯᠳᠠᠯᠭ᠎ᠠ ᠪᠣᠯᠭᠠᠨ᠂ ᠵᠠᠬ᠎ᠠ ᠳᠡᠯᠭᠡᠭᠦᠷ ᠤᠨ ᠣᠷᠣᠨ ᠵᠠᠶ ᠶᠢ ᠤᠯᠠᠮ ᠨᠢᠭᠡ ᠠᠯᠬᠤᠮ ᠥᠷᠭᠡᠳᠬᠡᠵᠦ᠂ ᠪᠦᠲᠦᠭᠡᠭᠳᠡᠬᠦᠨ ᠤ ᠪᠣᠷᠣᠯᠠᠭᠤᠯᠭ᠎ᠠ ᠶᠢ ᠠᠬᠢᠭᠤᠯᠤᠨ᠂  ᠯᠢᠶᠠᠩᠴᠧᠩ ᠤᠨ ᠠᠵᠤ  ᠤᠶᠢᠯᠡᠰ ᠤᠨ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠢ ᠪᠥᠬᠦ ᠲᠠᠯ᠎ᠠ ᠪᠠᠷ ᠰᠠᠶᠢᠲᠤᠷ ᠶᠠᠷᠢᠵᠤ᠂ ᠲᠠᠷᠢᠶᠠᠯᠠᠩ ᠢ ᠬᠦᠴᠦᠷᠬᠡᠭᠵᠢᠭᠦᠯᠬᠦ ᠨᠠᠷᠠᠲᠤ ᠲᠥᠷᠥᠯ ᠲᠡᠮᠳᠡᠭᠲᠦ ᠶᠢ ᠤᠯᠠᠮ ᠨᠢᠭᠡ ᠠᠯᠬᠤᠮ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ  ᠭᠡᠵᠠᠢ᠃                                                  ᠨᠠᠶᠢᠷᠠᠭᠤᠯᠤᠭᠴᠢ᠄   ᠶᠠᠩ  ᠿᠦᠢ ᠵᠧᠨ                                                  ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2