ᠯᠢᠶᠠᠩᠴᠧᠩ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ 2023 ᠣᠨ ᠤ ︽ᠲᠦᠭᠡᠮᠡᠯ ᠬᠠᠶᠢᠷ᠎ᠠ ᠶᠢᠨ | ᠨᠢᠭᠡ ᠡᠳᠦᠷ ᠤᠨ ᠬᠠᠨᠳᠢᠪᠯᠠᠯ︾ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠬᠠᠨᠳᠢᠪ ᠴᠤᠭᠯᠠᠭᠤᠯᠤᠭᠰᠠᠨ | ᠪᠠᠶᠢᠳᠠᠯ ᠤᠨ ᠲᠤᠬᠠᠢ ᠵᠠᠷᠯᠠᠯ | | ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ ᠳᠤ᠄ | ︽ᠬᠥᠮᠥᠡᠯᠢᠭ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠣᠨᠴᠠ ᠬᠦᠴᠢᠷᠳᠡᠯᠲᠡᠶ | ᠬᠡᠷ ᠪᠦᠯᠢ᠂ ᠬᠦᠨᠳᠦ ᠡᠪᠡᠳᠴᠢᠨ ᠲᠠᠢ ᠬᠡᠷ ᠪᠦᠯᠢ᠂ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠲᠤ ᠤᠴᠠᠷᠠᠭᠰᠠᠨ | ᠬᠡᠷ ᠪᠦᠯᠢ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ ᠵᠡᠷᠭᠡ ᠶᠢᠨ ᠬᠥᠮᠥᠡᠯᠢᠭ ᠠᠪᠤᠷᠠᠨ | ᠲᠤᠰᠠᠯᠠᠬᠤ ᠠᠵᠢᠯ ᠢ ᠢᠳᠡᠪᠬᠢᠲᠡᠶ ᠰᠠᠶᠢᠲᠤᠷ ᠬᠢᠬᠦ ᠶᠢᠨ ᠲᠤᠰᠠᠳᠠ᠂ ᠵᠢᠯ ᠪᠦᠷᠢ ᠪᠥᠬᠦ ᠰᠢᠶᠠᠨ ᠤ ᠬᠡᠪᠴᠢᠶᠡᠨ ᠳᠤ ︽ | ᠲᠦᠭᠡᠮᠡᠯ ᠬᠠᠶᠢᠷ᠎ᠠ ᠶᠢᠨ ᠤᠯᠠᠭᠠᠨ ᠵᠠᠭᠠᠯᠮᠠᠶᠢᠲᠠᠨ ᠤ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠪᠦᠬᠦ ᠰᠢᠶᠠᠨ ᠢᠶᠠᠷ ᠢᠶᠠᠨ ᠢᠳᠡᠪᠬᠢᠲᠡᠶ ᠪᠠᠷ ᠴᠤᠤᠷᠢᠶᠠᠲᠤᠨ ᠲᠠᠭᠠᠵᠦ᠂ ᠨᠠᠷᠢᠨ ᠨᠢᠮᠪᠠᠶ | ᠵᠣᠬᠢᠶᠠᠨ ᠪᠠᠶᠢᠭᠤᠯᠵᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠬᠠᠷᠠᠮ ᠦᠭᠡᠢ ᠲᠤᠰᠠᠯᠠᠵᠤ᠂ | ᠢᠳᠡᠪᠬᠢᠲᠡᠶ ᠪᠠᠷ ᠵᠣᠭᠤᠰ ᠬᠠᠨᠳᠢᠪᠯᠠᠵᠤ᠂ ᠳᠤᠮᠳᠠᠳᠤ ᠶᠢᠨ ᠦᠨᠳᠦᠰᠦᠲᠡᠨ ᠨᠦᠭᠦᠳ ᠤᠨ ᠪᠦᠯᠬᠦᠮᠳᠡᠨ | ᠬᠠᠪᠰᠤᠷᠤᠯᠴᠠᠬᠤ᠂ ᠠᠶᠤᠯ ᠠᠴᠠ ᠠᠪᠤᠷᠠᠨ ᠬᠦᠴᠢᠷᠳᠡᠯ ᠢ ᠲᠤᠰᠠᠯᠠᠬᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ | ᠪᠣᠯᠭᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠭᠦᠢᠴᠡᠳ ᠪᠠᠳᠠᠷᠠᠭᠤᠯᠤᠭᠠᠳ ᠮᠠᠰᠢ ᠰᠠᠶᠢᠨ ᠦᠷ᠎ᠡ ᠪᠦᠲᠦᠮᠵᠢ | ᠣᠯᠤᠭᠰᠠᠨ ᠪᠠᠶᠢᠨ᠎ᠠ᠃ | ᠯᠢᠶᠠᠩᠴᠧᠩ ᠰᠢᠶᠠᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ | ᠰᠠᠶᠢᠨ ᠦᠢᠯᠡ ᠠᠵᠢᠯᠯᠠᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠪᠢᠳᠡ ᠢᠯᠡ | ᠲᠣᠳᠣ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠢᠶᠠᠷ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢᠨ ᠬᠠᠮᠲᠤ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ ᠲᠣᠰ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠰᠢ᠂ 2023 ᠣᠨ ᠤ ᠯᠢᠶᠠᠩᠴᠧᠩ ᠰᠢᠶᠠᠨ ᠤ ︽ᠲᠦᠭᠡᠮᠡᠯ ᠬᠠᠶᠢᠷ᠎ᠠ ᠶᠢᠨ ᠨᠢᠭᠡ | ᠡᠳᠦᠷ ᠤᠨ ᠬᠠᠨᠳᠢᠪᠯᠠᠯ︾ ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠨᠡᠶᠢᠲᠡ 693117. | 41 ᠲᠥᠭᠦᠷᠢᠭ ᠤᠨ ᠬᠠᠨᠳᠢᠪ ᠴᠤᠭᠯᠠᠭᠤᠯᠪᠠ᠃ ᠡᠳᠦᠭᠡ ᠨᠠᠷᠢᠨ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄ | | | | | | | | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |