ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠳᠥᠷᠪᠡᠳᠡᠬᠢ ᠠᠷᠠᠳ ᠤᠨ ᠴᠠᠭᠳᠠᠭ᠎ᠠ ᠶᠢᠨ ᠪᠠᠶᠠᠷ︾ ᠤᠨ ᠴᠠᠭᠳᠠᠭ᠎ᠠ ᠠᠷᠠᠳ ᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/1/10
  ᠳᠥᠷᠪᠡᠳᠡᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠶᠢᠨ ᠲᠥᠯᠥᠭᠡ᠂ 1 ᠰᠠᠷ᠎ᠠ ᠶᠢᠨ 9 ᠤ ᠡᠳᠦᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠳᠥᠷᠪᠡᠳᠡᠬᠢ ᠠᠷᠠᠳ ᠤᠨ ᠴᠠᠭᠳᠠᠭ᠎ᠠ ᠶᠢᠨ ᠪᠠᠶᠠᠷ︾ ᠤᠨ ᠴᠠᠭᠳᠠᠭ᠎ᠠ ᠠᠷᠠᠳ ᠤᠨ ᠶᠠᠷᠢᠯᠴᠠᠬᠤ ᠬᠤᠷᠠᠯ ᠬᠢᠪᠡ᠃ ᠡᠭᠦᠨ ᠤ ᠵᠣᠷᠢᠯᠭ᠎ᠠ ᠨᠢ ᠴᠠᠭᠳᠠᠭ᠎ᠠ ᠠᠷᠠᠳ ᠤᠨ ᠬᠤᠭᠤᠷᠣᠨᠳᠣᠬᠢ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠵᠤ᠂ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠨᠡᠮᠡᠭᠳᠡᠭᠦᠯᠦᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠬᠤ ᠶᠢᠨ ᠲᠥᠯᠥᠭᠡ ᠶᠤᠮ᠃
       ᠬᠤᠷᠠᠯ ᠠᠴᠠ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2023 ᠣᠨ ᠤ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠯᠢᠶᠠᠩᠴᠧᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠵᠤ ᠠᠬᠤᠶ ᠶᠢᠨ ᠬᠥᠭᠵᠢᠯᠲᠡ ᠳᠤ ᠤᠶᠢᠯᠡᠴᠢᠯᠡᠬᠦ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠶᠢ  ᠭᠦᠢᠴᠡᠳ ᠢᠯᠡᠳᠬᠡᠬᠦ ᠶᠢᠨ ᠬᠠᠮᠲᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠵᠢᠴᠢ ᠪᠥᠬᠦ ᠰᠢᠶᠠᠨ ᠤ ᠠᠷᠠᠳ ᠲᠦᠮᠡᠨ ᠤ 2024 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ ᠯᠢᠶᠠᠩᠴᠧᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠠᠯ᠎ᠠ ᠪᠠᠷ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠪᠣᠯᠤᠨ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠨᠠᠷ ᠤᠯᠤᠰ ᠣᠷᠣᠨ ᠤ ᠤᠯᠤᠰ ᠲᠥᠷᠥ ᠶᠢᠨ ᠠᠮᠤᠷ ᠲᠦᠪᠰᠢᠨ ᠢ ᠡᠷᠡᠰ ᠭᠤᠶᠢᠪᠢᠰᠢ ᠦᠭᠡᠶ ᠪᠠᠷ ᠬᠠᠮᠠᠭᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ︽ᠠᠷᠪᠠᠨ  ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ︾ ᠤ ᠠᠮᠤᠷ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠮᠤᠭ ᠤᠨ ᠰᠠᠶᠢᠨ ᠣᠶᠤᠨ ᠰᠠᠨᠠᠭᠠᠨ ᠤ ᠪᠠᠶᠢᠳᠠᠯ᠂ ᠬᠠᠮᠤᠭ ᠤᠨ ᠴᠢᠩᠭ᠎ᠠ ᠠᠵᠢᠯ ᠤᠨ ᠱᠠᠭᠠᠷᠳᠠᠯᠭ᠎ᠠ᠂ ᠬᠠᠮᠤᠭ ᠤᠨ ᠨᠠᠷᠢᠨ ᠠᠵᠢᠯ ᠤᠨ ᠠᠷᠭ᠎ᠠ ᠬᠡᠮᠵᠢᠶ᠎ᠡ ᠪᠠᠷ ᠡᠯ᠎ᠡ  ᠵᠤᠶᠢᠯ ᠤᠨ ᠠᠮᠤᠷ ᠢ ᠬᠠᠮᠠᠭᠠᠯᠠᠬᠤ ᠠᠵᠢᠯ ᠤᠨ ᠡᠭᠦᠷᠭᠡ ᠶᠢ ᠢᠳᠡᠪᠬᠢᠲᠡᠶ ᠰᠠᠶᠢᠲᠤᠷ ᠬᠢᠵᠦ᠂ ᠤᠷᠤᠯᠳᠤᠭᠠᠨ ᠤ ᠬᠤᠭᠤᠴᠠᠭᠠᠨ ᠳᠠᠬᠢ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃                                         ᠨᠠᠶᠢᠷᠠᠭᠤᠯᠤᠭᠴᠢ᠄  ᠯᠢ ᠬᠤᠩ ᠢᠦᠢ                                           ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2