ᠯᠢᠦ ᠶᠢᠨ ᠲᠤᠤ ᠮᠠᠶᠢᠬᠤᠲᠤ ᠪᠠᠯᠭᠠᠰᠤᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠢᠭᠠᠨ ᠵᠢᠯᠣᠭᠤᠳᠬᠤ ᠳᠤ ᠣᠷᠣᠯᠴᠠᠭᠰᠠᠨ ᠪᠥᠭᠡᠳ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2024/1/17
   1 ᠰᠠᠷ᠎ᠠ ᠶᠢᠨ 16᠎ ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠮᠠᠶᠢᠬᠤᠲᠤ ᠪᠠᠯᠭᠠᠰᠤᠨ ᠳᠤ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠤ ᠣᠷᠣᠯᠴᠠᠨ ᠵᠢᠭᠠᠨ ᠵᠢᠯᠣᠭᠤᠳᠬᠤ ᠶᠢᠨ ᠬᠠᠮᠲᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃ ᠯᠢᠦ ᠶᠢᠨ ᠲᠤᠤ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠤᠨᠤᠯ ᠰᠢᠨ᠎ᠡ ᠦᠵᠡᠯ ᠰᠠᠨᠠᠭ᠎ᠠ ᠶᠢ ᠠᠵᠤ ᠠᠬᠤᠢ ᠶᠢᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠪᠣᠳᠠᠲᠠᠢ ᠠᠵᠢᠯ ᠳᠤ ᠠᠭᠤᠰᠤᠯᠴᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠦᠨ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠬᠤ ᠲᠠᠯ᠎ᠠ ᠪᠠᠷ ᠦᠨᠡᠨᠬᠦ ᠠᠮᠵᠢᠯᠲᠠ ᠣᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ ᠪᠣᠯᠤᠨ ᠰᠢᠶᠠᠨ ᠤ ᠨᠠᠮ ᠤᠨ  ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠵᠦ᠂ ︽ᠲᠠᠪᠤᠨ  ᠵᠢᠱᠢᠶ᠎ᠡ ᠦᠵᠡᠭᠦᠯᠬᠦ ᠰᠢᠶᠠᠨ︾᠎ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠰᠠᠶᠢᠵᠢᠷᠠᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠬᠤᠷᠠᠯ ᠳᠡᠭᠡᠷ᠎ᠡ᠂ ᠮᠠᠶᠢᠬᠤᠲᠤ ᠪᠠᠯᠭᠠᠰᠤᠨ ᠤ ᠨᠠᠮ ᠤᠨ  ᠬᠤᠷᠢᠶ᠎ᠠ ᠶᠢᠨ ᠭᠤᠣᠯ ᠬᠠᠷᠢᠭᠤᠴᠠᠯᠭᠠᠲᠠᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠭᠰᠡᠨ ᠪᠥᠭᠡᠳ ᠨᠠᠮ ᠵᠠᠰᠠᠭ ᠤᠨ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠪᠠ ᠥᠪᠡᠷ ᠤᠨ ᠰᠢᠭᠦᠮᠵᠢᠯᠡᠯ ᠬᠢᠵᠦ᠂ ᠬᠠᠷᠢᠯᠴᠠᠨ ᠰᠢᠭᠦᠮᠵᠢᠯᠡᠯ ᠰᠠᠨᠠᠯ ᠳᠤᠷᠠᠳᠪᠠ᠃ ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠵᠢᠷᠭᠤᠳᠤᠭᠠᠷ ᠬᠤᠯᠪᠣᠭ᠎ᠠ ᠠᠪᠴᠤ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢᠦ ᠶᠦᠩ ᠬᠤᠩ ᠦᠨᠡᠯᠡᠯᠲᠡ ᠬᠢᠪᠡ᠃    ᠤᠯᠠᠨ ᠤ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠯᠢᠦ ᠶᠢᠨ ᠲᠤᠤ ᠡᠨᠡ ᠪᠣᠯ ᠨᠢᠭᠡᠨ ᠤᠳᠠᠭᠠᠨ ᠤ ᠴᠢᠨᠠᠷ ᠴᠢᠨᠰᠠᠭ᠎ᠠ ᠲᠠᠢ ᠠᠷᠠᠳᠴᠢᠯᠠᠯ ᠤᠨ ᠠᠮᠢᠳᠤᠷᠠᠯ ᠤᠨ ᠬᠤᠷᠠᠯ ᠮᠥᠨ᠂ ᠪᠠᠭ ᠤᠨ ᠭᠡᠰᠢᠭᠦᠳ ᠬᠤᠭᠤᠷᠣᠨᠳᠣ ᠪᠠᠨ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠵᠠᠳᠠᠯᠤᠨ ᠰᠢᠨᠵᠢᠯᠡᠬᠦ ᠮᠥᠷᠲᠡᠭᠡᠨ ᠪᠠᠰᠠ ᠵᠣᠷᠢᠭᠲᠠᠶ ᠪᠠᠷ ᠬᠠᠷᠢᠯᠴᠠᠨ ᠰᠢᠭᠦᠮᠵᠢᠯᠡᠵᠦ᠂ ᠪᠦᠬᠦ᠋ᠢᠯᠡ ᠠᠷᠠᠳᠴᠢᠯᠠᠯ ‍ᠤᠨ‌ᠠᠮᠢᠳᠤᠷᠠᠯ ᠤᠨ ᠬᠤᠷᠠᠯ ᠨᠢ ᠠᠭᠤᠷ ᠠᠮᠢᠰᠬᠤᠯ ᠲᠠᠢ᠂ ᠦᠷ᠎ᠡ ᠪᠦᠲᠦᠮᠵᠢ ᠲᠠᠢ ᠪᠠᠶᠢᠵᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ᠂ ᠠᠰᠠᠭᠤᠳᠠᠯ ᠢ  ᠰᠢᠢᠳᠪᠤᠷᠢᠯᠡᠬᠦ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠦᠭᠰᠡᠨ ᠢ ᠭᠦᠢᠴᠡᠳ ᠨᠤᠲᠠᠯᠠᠪᠠ᠃    ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠠᠷᠠᠭ᠎ᠠ᠂ ᠯᠢᠦ ᠶᠢᠨ ᠲᠤᠤ ︽︿ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ﹀ ᠠᠵᠢᠯ ᠤᠨ ᠠᠷᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠦᠨᠡᠨᠬᠦ ᠰᠠᠶᠢᠲᠤᠷ ᠵᠠᠮᠨᠠᠬᠤ︾ ᠰᠡᠳᠦᠪ ᠢᠶᠠᠷ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃ ᠪᠥᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠎ ᠶᠢᠨ ᠦᠨᠳᠦᠰᠦᠨ ᠠᠭᠤᠯᠤᠭᠳᠠᠬᠤᠨ᠂ ᠴᠠᠭ ᠦᠶ᠎ᠡ ᠶᠢᠨ ᠥᠷᠲᠡᠭ ᠪᠠ  ᠤᠶᠢᠯᠡᠳᠤᠯᠭᠡ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠰᠢᠨ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠯᠢᠶᠠᠩᠴᠧᠩ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠰᠡᠳᠬᠢᠴᠡ ᠠᠷᠭ᠎ᠠ ᠪᠠ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ  ᠭᠡᠪᠡ᠃                                                    ᠨᠠᠶᠢᠷᠠᠭᠤᠯᠤᠭᠴᠢ᠄   ᠶᠠᠩ  ᠿᠦᠢ ᠵᠧᠨ                                                    ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2