ᠲᠡᠷᠢᠭᠦᠨ ᠤ ᠬᠢ ᠠᠴᠠ ᠰᠤᠷᠤᠯᠴᠠᠵᠤ ᠵᠣᠷᠢᠭᠲᠠᠢ ᠪᠠᠷ ᠡᠭᠦᠷᠭᠡᠯᠡᠬᠦ᠄  ᠱᠠᠩ ᠳ᠋ᠦᠩ ᠫᠢᠩ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠪᠠ
ᠨᠡᠶᠢᠲᠡᠯᠡᠭᠰᠡᠨ ᠴᠠᠭ᠄
2024/1/17
 2019 ᠣᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠲᠠᠪᠴᠠᠩ ᠢ ᠰᠦᠯᠵᠢᠶᠡᠨ ᠳᠤ ᠣᠷᠣᠭᠤᠯᠤᠭᠰᠠᠨ ᠠᠴᠠ ᠨᠠᠰᠢ᠂ ᠯᠢᠶᠠᠩᠴᠧᠩ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠱᠠᠩ ᠳ᠋ᠦᠩ ᠫᠢᠩ ᠡᠳᠦᠷ ᠪᠦᠷᠢ ᠨᠠᠷᠢᠨ ᠬᠢᠨᠠᠮᠠᠭᠠᠶ ᠰᠤᠷᠤᠯᠴᠠᠵᠤ᠂ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠦᠵᠡᠯ ᠰᠠᠨᠠᠭ᠎ᠠ ᠶᠢ ᠴᠠᠭ ᠲᠤᠬᠠᠶ ᠳᠤᠨᠢ ᠣᠶᠢᠯᠠᠭᠠᠵᠤ᠂ ᠰᠤᠷᠤᠯᠴᠠᠯᠭ᠎ᠠ ᠶᠢ ᠪᠠᠶᠠᠷ ᠪᠠᠶᠠᠰᠤᠯ ᠪᠣᠯᠭᠠᠵᠤ᠂ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠪᠠ᠃
        ᠱᠠᠩ ᠳ᠋ᠦᠩ ᠫᠢᠩ ᠪᠣᠯ ᠯᠢᠶᠠᠩᠴᠧᠩ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠨᠠᠮ ᠤᠨ ᠡᠭᠦᠷ ᠤᠨ ᠱᠦᠵᠢ ᠪᠣᠯᠤᠨ᠎ᠠ᠂ ᠲᠡᠷᠡ ᠬᠡᠰᠡᠭ  ᠴᠠᠭ ᠢ ᠭᠦᠢᠴᠡᠳ ᠠᠰᠢᠭᠯᠠᠵᠤ᠂ ᠠᠵᠢᠯ ᠤᠨ ᠴᠢᠯᠥᠭᠡ᠂ ᠰᠤᠯᠠ ᠰᠡᠯᠡᠭᠦᠦ ᠴᠠᠭ ᠲᠤ᠂ ᠰᠣᠨᠢᠨ ᠮᠡᠳᠡᠭᠡᠨ ᠤ ᠨᠡᠪᠲᠡᠷᠡᠭᠦᠯᠭᠡ᠂ ᠴᠠᠭ ᠤᠨ ᠤᠯᠤᠰ ᠲᠦᠷᠦ ᠶᠢᠨ ᠰᠢᠯᠭᠠᠯᠲᠠ ᠶᠢᠨ ᠰᠡᠳᠦᠪ ᠠᠴᠠ ᠡᠷᠲᠡᠨ ᠤ ᠨᠣᠮ ᠪᠢᠴᠢᠭ᠂ ᠬᠤᠭᠤᠴᠠᠭᠠᠲᠤ ᠰᠡᠳᠬᠦᠯ᠂ ᠨᠣᠮ ᠪᠢᠴᠢᠭ ᠵᠡᠷᠭᠡ ᠬᠦᠷᠲᠡᠯ᠎ᠡ᠂ ᠴᠥᠮ ᠨᠠᠷᠢᠨ ᠬᠢᠨᠠᠮᠠᠭᠠᠢ ᠦᠵᠡᠵᠦ᠂ ᠨᠠᠷᠢᠨ ᠬᠢᠨᠠᠮᠠᠭᠠᠢ ᠰᠤᠷᠤᠯᠴᠠᠵᠤ᠂ ᠮᠡᠳᠡᠯᠭᠡ ᠶᠢᠨ ᠨᠥᠭᠡᠴᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ ᠲᠠᠪᠴᠠᠩ ᠤᠷᠢᠳ ᠬᠤᠵᠢᠳ ᠭᠠᠷᠭᠠᠭᠰᠠᠨ ᠰᠣᠨᠢᠷᠬᠠᠯᠲᠤ ᠰᠡᠳᠦᠪ᠂ ᠥᠷᠢᠰᠥᠯᠳᠦᠭᠡᠨ ᠤ ᠰᠡᠳᠦᠪ ᠬᠠᠷᠢᠭᠤᠯᠬᠤ᠂ ᠲᠦᠷᠪᠡᠨ ᠬᠥᠮᠦᠨ ᠤ ᠤᠷᠤᠯᠳᠤᠭᠠᠨ᠂ ᠬᠤᠣᠰ ᠪᠠᠶᠢᠯᠳᠤᠭᠠᠨ ᠤ ᠰᠡᠳᠦᠪ ᠵᠡᠷᠭᠡ ᠰᠡᠳᠦᠪ ᠤᠨ ᠬᠡᠯᠪᠡᠷᠢ ᠨᠢ᠂ ᠱᠠᠩ ᠳ᠋ᠦᠩ ᠫᠢᠩ ᠤᠨ ᠰᠤᠷᠤᠯᠴᠠᠯᠭ᠎ᠠ ᠶᠢᠨ ᠤᠷᠮ᠎ᠠ ᠪᠠᠬ᠎ᠠ ᠪᠠ ᠥᠷᠢᠰᠥᠯᠳᠦᠭᠡᠨ ᠤ ᠬᠠᠯᠠᠭᠤᠨ ᠰᠡᠳᠬᠢᠯᠭᠡ ᠶᠢ ᠨᠡᠩ ᠬᠥᠭᠵᠢᠭᠡᠵᠦ ᠂ ᠭᠠᠷᠠᠭ ᠪᠦᠷᠢ ᠶᠢᠨ ︽ᠲᠦᠷᠪᠡᠨ ᠬᠥᠮᠦᠨ ᠤ ᠤᠷᠤᠯᠳᠤᠭᠠᠨ︾ ᠪᠠ ︽ᠬᠤᠣᠰ ᠬᠥᠮᠦᠨ ᠤ ᠳᠠᠶᠢᠯᠠᠯᠳᠤᠭᠠᠨ︾ ᠤ ᠳᠤᠮᠳᠠ᠂ ᠲᠡᠷᠡ ᠪᠠᠷᠤᠭ ᠪᠦᠷᠢᠨ ᠬᠤᠪᠢ ᠤᠯᠪᠠ᠃
   ᠲᠡᠭᠦᠨ ᠤ ᠳᠠᠭᠠᠭᠤᠯᠭ᠎ᠠ ᠳᠣᠣᠷ᠎ᠠ᠂ ᠳᠡᠷᠭᠡᠳᠡᠬᠢ ᠬᠠᠮᠲᠤ ᠠᠵᠢᠯᠯᠠᠭᠰᠠᠳ ᠨᠠᠶᠢᠵᠠ ᠨᠠᠷ ᠴᠤ ︽ ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠳᠡᠭᠡᠷ᠎ᠡ ᠢᠳᠡᠪᠬᠢᠲᠡᠢ ᠰᠤᠷᠤᠯᠴᠠᠵᠤ᠂ ᠣᠯᠠᠨ ᠢᠶᠠᠷ ᠢᠶᠠᠨ ᠬᠠᠷᠢᠯᠴᠠᠨ ᠰᠣᠯᠢᠯᠴᠠᠵᠤ ᠰᠤᠷᠤᠯᠴᠠᠬᠤ ᠲᠠᠪᠴᠠᠩ ᠳᠡᠭᠡᠷᠡᠬᠢ ᠰᠤᠷᠤᠯᠴᠠᠭᠰᠠᠨ ᠣᠯᠤᠯᠲᠠ ᠪᠠ ᠰᠣᠨᠢᠷᠬᠠᠯ ᠢᠶᠠᠷ ᠢᠶᠠᠨ ᠠᠳᠠᠯᠢᠳᠬᠠᠨ ᠰᠤᠷᠤᠯᠴᠠᠵᠤ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠪᠠ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2