ᠮᠠ ᠬᠠᠶ ᠵᠢᠶᠦ᠋ᠨ᠄ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠬᠦᠴᠦ ᠨᠡᠮᠡᠷᠢᠯᠡᠨ᠎ᠡ︕
ᠨᠡᠶᠢᠲᠡᠯᠡᠭᠰᠡᠨ ᠴᠠᠭ᠄
2024/1/17
  ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠡᠰᠡᠭ ᠤᠷᠤᠯᠳᠤᠭᠠᠨ ᠤ ᠲᠥᠷᠥᠯ ᠵᠦᠢᠯ 2024 ᠣᠨ ᠤ 2 ᠰᠠᠷ᠎ᠠ ᠳᠤ ᠯᠢᠶᠠᠩᠴᠧᠩ ᠰᠢᠶᠠᠨ ᠳᠤ ᠶᠠᠪᠤᠭᠳᠠᠵᠤ᠂ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠵᠤ ᠥᠩᠭᠡᠷᠡᠭᠰᠡᠨ ᠯᠢᠶᠠᠩᠴᠧᠩ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠮᠠ ᠬᠠᠢ ᠵᠢᠶᠦ᠋ᠨ  ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠬᠦᠷᠴᠦ ᠢᠷᠡᠭᠰᠡᠨ ᠨᠢ ᠲᠡᠭᠦᠨ ᠢ ᠨᠡᠩ ᠬᠢᠵᠠᠭᠠᠯᠠᠰᠢ ᠦᠭᠡᠢ ᠪᠠᠶᠠᠷᠯᠠᠨ ᠳᠣᠭᠳᠣᠯᠤᠭᠤᠯᠤᠨ᠎ᠠ᠃ ᠡᠶᠢᠮᠦ ᠠᠴᠠ᠂ ᠲᠡᠷᠡ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠠᠴᠠ ᠭᠠᠳᠠᠨ᠎ᠠ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠳᠤᠮᠳᠠ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠪᠠ ᠬᠠᠮᠢᠶ᠎ᠠ ᠪᠦᠬᠦᠢ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠵᠡᠶ᠃
       ᠡᠨᠡ ᠬᠤᠭᠤᠴᠠᠭᠠᠨ ᠳᠤ᠂ ᠭᠠᠷᠠᠭ ᠤᠨ ᠡᠳᠦᠷ ᠪᠣᠯᠬᠤ ᠪᠦᠷᠢ᠂ ᠯᠢᠶᠠᠩᠴᠧᠩ  ᠤᠨ ᠴᠠᠰᠤᠨ ᠳᠤ ᠭᠤᠯᠭᠤᠬᠤ ᠲᠠᠯᠠᠪᠠᠢ ᠳᠤ ᠮᠠ ᠬᠠᠶ ᠵᠢᠶᠦ᠋ᠨ ᠤ ᠪᠠᠷ᠎ᠠ ᠶᠢ ᠣᠯᠵᠤ ᠬᠠᠷᠠᠨ᠎ᠠ᠃ ᠴᠠᠰᠤᠨ ᠳᠤ ᠭᠤᠯᠭᠤᠬᠤ ᠲᠠᠯᠠᠪᠠᠢ ᠶᠢᠨ ᠠᠩᠬ᠎ᠠ ᠵᠡᠷᠭᠡ ᠶᠢᠨ ᠵᠠᠮ ᠳᠡᠭᠡᠷ᠎ᠡ ᠲᠡᠷᠡ ᠠᠩᠬ᠎ᠠ ᠤᠳᠠᠭ᠎ᠠ ᠰᠤᠷᠤᠭᠰᠠᠨ ᠬᠤᠶᠠᠷ ᠰᠤᠷᠤᠭᠴᠢ ᠲᠠᠢ ᠤᠴᠠᠷᠠᠭᠰᠠᠨ ᠤ ᠳᠠᠷᠠᠭ᠎ᠠ ᠲᠡᠭᠦᠨ ᠤ ᠡᠭᠦᠷᠭᠡ ᠪᠠᠷ ︽ᠴᠠᠰᠤᠨ ᠳᠤ ᠭᠤᠯᠭᠤᠬᠤ ᠰᠤᠷᠭᠠᠭᠴᠢ︾ ᠪᠣᠯᠵᠤ᠂ ᠴᠠᠰᠤᠨ ᠳᠤ ᠭᠤᠯᠭᠤᠬᠤ ᠬᠤᠪᠴᠠᠰᠤ ᠂ ᠴᠠᠰᠤᠨ ᠳᠤ ᠭᠤᠯᠭᠤᠬᠤ ᠱᠠᠬᠠᠢ ᠢᠶᠠᠨ ᠵᠥᠪ ᠡᠮᠦᠰᠬᠦ ᠠᠴᠠ ᠴᠠᠰᠤᠨ ᠳᠤ ᠭᠤᠯᠭᠤᠬᠤ ᠦᠨᠳᠦᠰᠦᠨ ᠠᠷᠭ᠎ᠠ ᠬᠡᠮᠵᠢᠶ᠎ᠡ ᠬᠦᠷᠲᠡᠯ᠎ᠡ ᠮᠠ ᠬᠠᠢ ᠵᠢᠶᠦ᠋ᠨ ᠰᠤᠷᠭᠠᠭᠰᠠᠭᠠᠷ ᠢᠷᠡᠵᠡᠢ᠃
   ᠮᠠ ᠬᠠᠢ ᠵᠢᠶᠦ᠋ᠨ᠄    ᠴᠠᠰᠤᠨ ᠳᠤ ᠭᠤᠯᠭᠤᠬᠤ ᠪᠣᠯ ᠮᠠᠰᠢ  ᠰᠠᠶᠢᠨ ᠬᠥᠳᠡᠯᠭᠡᠭᠡᠨ ᠮᠥᠨ᠂ ᠬᠥᠮᠥᠨ ᠤ ᠵᠠᠩ ᠴᠢᠨᠠᠷ ᠢ ᠪᠣᠯᠪᠠᠰᠤᠷᠠᠭᠤᠯᠵᠤ ᠴᠢᠳᠠᠬᠤ ᠮᠥᠷᠲᠡᠭᠡᠨ ᠪᠠᠰᠠ ᠬᠥᠮᠥᠨ ᠤ ᠪᠡᠶ᠎ᠡ ᠰᠡᠳᠬᠢᠯ ᠢ ᠪᠠᠶᠠᠰᠬᠠᠨ᠎ᠠ᠃ ᠡᠭᠦᠨ ᠠᠴᠠ ᠡᠮᠦᠨ᠎ᠡ ᠪᠢ ᠮᠠᠰᠢ ᠠᠵᠠ ᠪᠠᠷ ᠬᠤᠶᠠᠷ ᠤᠳᠠᠭ᠎ᠠ ᠤᠯᠤᠰ ᠤᠨ ᠥᠨᠳᠥᠷ ᠠᠭᠤᠯᠠ ᠶᠢᠨ ᠴᠡᠨᠡᠯᠡᠯᠲᠡ ᠶᠢᠨ ᠬᠢᠨᠠᠭᠴᠢ ᠳᠤ ᠣᠷᠣᠯᠴᠠᠵᠤ᠂ ᠪᠠᠰᠠ 2022 ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠨᠳᠥᠷ ᠠᠭᠤᠯᠠ ᠶᠢᠨ ᠴᠡᠨᠡᠯᠡᠯᠲᠡ ᠶᠢᠨ ᠬᠢᠨᠠᠭᠴᠢ ᠳᠤ ᠣᠷᠣᠯᠴᠠᠪᠠ᠃      ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠲᠤᠬᠠᠢ ᠮᠠ ᠬᠠᠢ ᠵᠢᠶᠦ᠋ᠨ ᠤᠳᠤ ᠪᠣᠯᠲᠠᠯ᠎ᠠ ᠮᠠᠰᠢ ᠣᠮᠣᠭᠰᠢᠵᠤ ᠪᠠᠶᠢᠨ᠎ᠠ᠃ ᠨᠢᠭᠡ ᠵᠢᠯ ᠤᠨ ᠡᠮᠦᠨᠡᠬᠢ 2022 ᠣᠨ ᠤ 1 ᠰᠠᠷ᠎ᠠ ᠶᠢᠨ 21 ᠤ ᠡᠳᠦᠷ ᠪᠣᠯᠲᠠᠯ᠎ᠠ᠂ ᠪᠢᠯᠢᠭ ᠤᠨ ᠤᠯᠠᠷᠢᠯ ᠤᠨ ᠬᠥᠬᠡᠭᠡ ᠰᠠᠷ᠎ᠠ ᠶᠢᠨ ᠠᠷᠪᠠ ᠶᠢᠰᠦ᠂ ᠤᠯᠤᠰ ᠳᠠᠶᠠᠭᠠᠷ ᠴᠠᠭᠠᠨ ᠰᠠᠷ᠎ᠠ ᠶᠢ ᠪᠠᠶᠠᠷᠯᠠᠨ ᠤᠭᠲᠤᠵᠤ  ᠪᠠᠶᠢᠭ᠎ᠠ ᠦᠶ᠎ᠡ ᠳᠤ᠂  ᠮᠠ ᠬᠠᠢ ᠵᠢᠶᠦ᠋ᠨ ᠲᠡᠭᠦᠨ ᠤ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠪᠣᠯᠤᠨ᠎ᠠ᠃ ᠯᠢᠶᠠᠩᠴᠧᠩ ᠰᠢᠶᠠᠨ ᠠᠴᠠ ᠮᠣᠷᠳᠠᠪᠠ᠃ ᠠᠵᠢᠯ ᠤᠨ ᠳᠤᠮᠳᠠ᠂ ᠲᠡᠷᠡ ᠭᠠᠵᠠᠷ ᠪᠣᠯᠭᠠᠨ ᠳᠤ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠯᠬᠦᠮ ᠨᠡᠶᠢᠲᠡ ᠶᠢᠨ ᠪᠦᠷᠢᠯᠳᠦᠬᠦᠨ ᠨᠡᠷ ᠨᠢᠭᠲᠠᠷᠠᠨ ᠪᠦᠯᠬᠦᠮᠳᠡᠵᠦ᠂ ᠡᠴᠦᠰ ᠲᠡᠭᠡᠨ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠨᠳᠥᠷ ᠪᠠᠷᠢᠮᠵᠢᠶ᠎ᠠ ᠪᠠᠷ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠠᠴᠠ ᠲᠡᠭᠦᠨ ᠳᠤ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠪᠡ᠃    ᠡᠨᠡ ᠵᠢᠯ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠨᠤᠲᠤᠭ ᠤᠨ ᠯᠢᠶᠠᠩᠴᠧᠩ ᠳᠤ ᠡᠷᠬᠢᠯᠡᠵᠦ᠂ ᠡᠩ ᠤᠨ ᠦᠶ᠎ᠡ ᠶᠢᠨ ᠵᠢᠭᠠᠨ ᠰᠤᠷᠭᠠᠯᠲᠠ ᠶᠢᠨ ᠠᠵᠢᠯ ᠠᠴᠠ ᠭᠠᠳᠠᠨ᠎ᠠ᠂ ᠮᠠ ᠬᠠᠢ ᠵᠢᠶᠦ᠋ᠨ ᠰᠤᠷᠤᠭᠴᠢᠳ ᠲᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠦᠷᠭᠦᠯᠵᠢ ᠲᠦᠭᠡᠮᠡᠯᠵᠢᠭᠦᠯᠵᠦ᠂ ᠨᠡᠩ ᠤᠯᠠᠨ ᠰᠤᠷᠤᠭᠴᠢᠳ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠳᠤᠷᠠᠲᠠᠢ ᠪᠣᠯᠭᠠᠬᠤ ᠶᠢ ᠬᠦᠰᠡᠵᠦ ᠪᠠᠶᠢᠨ᠎ᠠ᠃
   ᠮᠠ ᠬᠠᠢ ᠵᠢᠶᠦ᠋ᠨ    ᠮᠠᠨ ᠤ ᠯᠢᠶᠠᠩᠴᠧᠩ ᠤᠨ ᠴᠠᠰᠤᠨ ᠴᠠᠨ᠎ᠠ ᠶᠢᠨ ᠲᠠᠯᠠᠪᠠᠢ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠪᠡ᠂ ᠪᠢ ᠪᠠᠰᠠ ᠬᠠᠷᠰᠢ ᠰᠠᠭᠠᠳ ᠢ ᠨᠡᠬᠡᠮᠵᠢᠯᠡᠬᠦ ᠲᠠᠰᠤᠯᠤᠨ ᠲᠣᠭᠲᠠᠭᠠᠬᠤ ᠠᠵᠢᠯ ᠳᠤ ᠣᠷᠣᠯᠴᠠᠵᠤ᠂ ᠣᠯᠠᠨ ᠢᠶᠠᠷ ᠢᠶᠠᠨ ᠣᠷᠣᠯᠴᠠᠵᠤ᠂ ᠨᠠᠩ ᠣᠯᠠᠨ ᠬᠥᠮᠦᠰ ᠲᠤ ᠮᠥᠰᠥ ᠴᠠᠰᠤᠨ ᠤ ᠪᠠᠶᠠᠷ ᠪᠠᠶᠠᠰᠤᠯ ᠢ ᠡᠳ᠋ᠯᠡᠭᠦᠯᠵᠤ᠂ ᠮᠠᠨ ᠤ ᠪᠡᠶ᠎ᠡ ᠰᠡᠳᠬᠢᠯ ᠢᠶᠠᠨ ᠨᠠᠩ ᠪᠠᠶᠠᠷ ᠪᠠᠶᠠᠰᠬᠤᠯᠠᠩ ᠲᠠᠢ ᠪᠣᠯᠭᠠᠵᠤ᠂ ᠨᠠᠩ ᠪᠠᠶᠠᠷ ᠵᠢᠷᠭᠠᠯ ᠲᠠᠢ ᠪᠣᠯᠭᠠᠬᠤ ᠶᠢ ᠬᠦᠰᠡᠵᠦ ᠪᠠᠶᠢᠨ᠎ᠠ ᠭᠡᠪᠡ᠃                                              ᠨᠠᠶᠢᠷᠠᠭᠤᠯᠤᠭᠴᠢ᠄  ᠯᠢ ᠬᠤᠩ ᠢᠦᠢ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2