ᠬᠤᠲᠠ ᠶᠢᠨ ᠤᠳᠤᠷᠢᠳᠤᠯᠭ᠎ᠠ ᠮᠠᠨ ᠤ ᠰᠢᠶᠠᠨ ᠳᠤ ᠴᠠᠭᠠᠨ ᠰᠠᠷ᠎ᠠ ᠠᠴᠠ ᠡᠮᠦᠨᠡᠬᠢ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/27
   ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 25 ᠤ ᠡᠳᠦᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᡁᠢ ᠶᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢᠦ ᠰᠢᠤ ᠪᠠᠷ ᠪᠦᠷᠢᠯᠳᠦᠭᠰᠡᠨ ᠲᠣᠬᠤᠨᠢᠭᠤᠯᠬᠤ ᠳᠤᠭᠤᠶᠢᠯᠠᠩ ᠮᠠᠨ ᠤ ᠰᠢᠶᠠᠨ ᠤ ᠢᠷᠠᠭᠤ ᠠᠯᠳᠠᠷ ᠤᠨ ᠬᠦᠷᠢᠶᠡᠯᠡᠩ ᠳᠤ ᠬᠦᠷᠴᠦ ᠠᠬᠠᠮᠠᠳ ᠨᠠᠮ ᠤᠨ ᠭᠡᠰᠢᠭᠦᠨ᠂ ᠠᠬᠠᠮᠠᠳ ᠪᠠᠶᠢᠯᠳᠤᠭᠴᠢᠳ ᠢ ᠲᠣᠬᠤᠨᠢᠭᠤᠯᠤᠭᠰᠠᠨ ᠪᠥᠭᠡᠳ ᠣᠯᠠᠨ ᠳᠤ ᠴᠠᠭᠠᠨ ᠰᠠᠷ᠎ᠠ ᠶᠢᠨ ᠢᠷᠥᠭᠡᠯ ᠳᠡᠪᠰᠢᠭᠦᠯᠵᠡᠶ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠪᠠᠷ᠎ᠠ ᠪᠤᠯᠵᠤ ᠲᠣᠬᠤᠨᠢᠭᠤᠯᠪᠠ᠃
       ᠲᠣᠬᠤᠨᠢᠭᠤᠯᠬᠤ ᠶᠠᠪᠤᠴᠠ ᠳᠤ᠂ ᠤᠳᠤᠷᠢᠳᠤᠯᠭ᠎ᠠ ᠨᠠᠷ ᠠᠬᠠᠮᠠᠳ ᠨᠠᠮ ᠤᠨ ᠭᠡᠰᠢᠭᠦᠨ ᠤ ᠤᠯᠠᠨ ᠵᠢᠯ ᠤᠨ ᠲᠤᠷᠰᠢ ᠨᠠᠮ ᠪᠠ ᠤᠯᠤᠰ ᠣᠷᠣᠨ ᠳᠠᠭᠠᠨ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠠᠬᠠᠮᠠᠳ ᠨᠠᠮ ᠤᠨ ᠭᠡᠰᠢᠭᠦᠨ ᠤ ᠡᠷᠡᠭᠦᠯ ᠴᠢᠭᠢᠷᠠᠭ ᠢᠶᠠᠨ ᠪᠠᠲᠤᠯᠠᠵᠤ᠂ ᠵᠣᠯ ᠵᠢᠷᠭᠠᠯᠲᠤ ᠥᠲᠡᠯᠦᠭᠡ ᠨᠠᠰᠤᠨ ᠤ ᠠᠮᠢᠳᠤᠷᠠᠯ ᠢᠶᠠᠨ ᠡᠳ᠋ᠯᠡᠬᠦ ᠶᠢ ᠬᠦᠰᠡᠪᠡ᠃ ᠡᠭᠦᠨ ᠤ ᠬᠠᠮᠲᠤ ᠪᠠᠰᠠ ᠲᠡᠳᠡᠨ ᠳᠤ ᠲᠣᠬᠤᠨᠢᠭᠤᠯᠬᠤ ᠪᠣᠳᠠᠰ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠠᠬᠠᠮᠠᠳ ᠨᠠᠮ ᠤᠨ ᠭᠡᠰᠢᠭᠦᠳ ᠤᠨ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠬᠦᠰᠡᠪᠡ᠃                                                    ᠨᠠᠶᠢᠷᠠᠭᠤᠯᠤᠭᠴᠢ᠄   ᠶᠠᠩ  ᠿᠦᠢ ᠵᠧᠨ                                                    ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2