ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/27
  1 ᠰᠠᠷ᠎ᠠ ᠶᠢᠨ 26 ᠤ ᠡᠳᠦᠷ᠂ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠭᠤᠷᠪᠠᠳᠤᠭᠠᠷ ᠪᠥᠬᠦᠳᠡ ᠬᠤᠷᠠᠯ ᠬᠢᠪᠡ᠃    ᠶᠡᠭᠡ ᠬᠤᠷᠠᠯ ᠢ ᠭᠦᠢᠴᠡᠳᠬᠡᠭᠴᠢ ᠲᠡᠷᠢᠭᠦᠯᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ  ᠬᠤᠷᠠᠯ ᠢ ᠡᠷᠬᠢᠯᠡᠪᠡ᠃    ᠲᠤᠰ ᠤᠳᠠᠭ᠎ᠠ ᠶᠢᠨ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠣᠯ ᠯᠢᠦ ᠶᠢᠨ ᠲᠤᠤ᠂ ᠵᠧᠩ ᠳ᠋ᠦᠩ ᠫᠢᠩ᠂ ᠵᠤᠤ ᠵᠢᠶᠠᠨ ᠵᠢᠶᠦ᠋ᠨ᠂ ᠵᠤᠤ ᠷᠦᠢ᠂ ᠴᠧᠨ ᠷᠦᠢ ᠧ᠂ ᠢᠦᠢ ᠱᠦᠢ ᠮᠢᠩ᠂ ᠳ᠋ᠠᠢ ᠵᠢᠶᠠᠨ ᠵᠦᠩ᠂ ᠭᠤᠤ ᠵᠢᠶᠦ᠋ᠨ ᠲᠢᠩ ᠪᠣᠯᠤᠨ᠎ᠠ᠃    ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠶ ᠬᠥᠮᠦᠨ 181 ᠪᠠᠶᠢᠵᠤ᠂ ᠪᠣᠳᠠᠲᠠᠶ ᠣᠷᠣᠯᠴᠠᠭᠰᠠᠨ ᠬᠥᠮᠦᠨ 166 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠬᠤᠷᠠᠯ ᠠᠴᠠ ᠯᠢᠶᠠᠩᠴᠧᠩ ᠰᠢᠶᠠᠨ ᠤ 2023 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠪᠡ︔ ︽ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠦᠯ︶︾ ᠶᠢ ᠪᠠᠲᠤᠯᠠᠪᠠ  ︔᡽ ︽ᠯᠢᠶᠠᠩᠴᠧᠩ ᠰᠢᠶᠠᠨ ᠤ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠲᠥᠯᠥᠭᠡᠯᠡᠭᠴᠢ ᠶᠢᠨ ᠪᠢᠯᠧᠲ ᠥᠭᠴᠦ ᠪᠠᠲᠤᠯᠠᠬᠤ ᠠᠷᠭ᠎ᠠ ︵ᠲᠥᠰᠦᠯ︶︾ ᠶᠢ ᠪᠠᠲᠤᠯᠠᠪᠠ︔ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ ᠪᠣᠯᠤᠨ ᠪᠢᠯᠧᠲ ᠬᠢᠨᠠᠭᠴᠢ ᠶᠢᠨ ᠨᠡᠷᠡᠰ ︵ᠲᠥᠰᠦᠯ︶ ᠢ ᠪᠠᠲᠤᠯᠠᠵᠠᠢ ᠃ ᠬᠤᠷᠠᠯ ᠠᠴᠠ ᠵᠢᠩᠬᠢᠨᠢ ᠵᠢᠱᠢᠭᠳᠡᠭᠴᠢ ᠶᠢᠨ ᠨᠡᠷᠡᠰ ᠢ ᠨᠡᠶᠢᠲᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢ ᠰᠣᠩᠭᠤᠬᠤ ᠪᠠ ᠪᠢᠯᠧᠲ ᠢᠶᠠᠷ ᠯᠢᠶᠠᠩᠴᠧᠩ ᠰᠢᠶᠠᠨ ᠤ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠠᠰᠤᠯᠵᠠᠢ᠃    ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠢᠯᠧᠲ ᠥᠭᠭᠦᠯᠲᠡ ᠶᠢᠨ ᠦᠷ᠎ᠡ ᠳ᠋ᠦᠩ ᠶᠣᠰᠣᠭᠠᠷ᠂ ᠯᠢᠶᠠᠩᠴᠧᠩ ᠰᠢᠶᠠᠨ ᠤ 2024 ᠣᠨ ᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠲᠣᠭᠲᠠᠭᠠᠵᠤ᠂ ᠬᠤᠩ ᠮᠤᠤ ᠪᠠᠯᠭᠠᠰᠤᠨ ᠤ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠵᠢᠴᠢ ᠤᠶᠤᠨᠲᠤ ᠤᠰᠤᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠥᠳᠡᠭᠡ ᠲᠣᠰᠬᠤᠨ ᠤ ᠤᠰᠤ ᠤᠮᠳᠠ ᠶᠢ ᠲᠥᠪᠯᠡᠷᠡᠭᠦᠯᠬᠦ ᠢᠨᠵᠧᠨᠧᠷᠢᠩ᠂ ᠡᠪᠦᠯ ᠤᠨ ᠤᠯᠠᠷᠢᠯ ᠤᠨ ᠴᠡᠪᠡᠷ ᠡᠨᠧᠷᠭᠢ ᠪᠠᠷ ᠳᠤᠯᠠᠭᠠᠯᠠᠬᠤ ᠲᠦᠷᠦᠯ ᠵᠦᠢᠯ — ᠰᠢᠲᠠᠭᠠᠯᠭ᠎ᠠ ᠶᠢᠨ ᠨᠡᠭᠦᠷᠡᠰᠦ ᠶᠢ ᠪᠤᠲᠠᠷᠬᠠᠢ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ᠂ ᠢᠯᠴᠢ ᠶᠢ ᠲᠥᠪᠯᠡᠷᠡᠭᠦᠯᠦᠨ ᠬᠠᠩᠭᠠᠬᠤ ᠬᠤᠭᠤᠯᠠᠢ ᠶᠢᠨ ᠲᠣᠣᠷ ᠢ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠬᠤ ᠲᠦᠷᠦᠯ ᠵᠦᠢᠯ᠂ ᠠᠶᠢᠯ ᠲᠣᠰᠬᠤᠨ ᠤ ᠭᠡᠭᠡᠨ ᠰᠠᠷᠠᠭᠤᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ 7 ᠲᠦᠷᠦᠯ ᠵᠦᠢᠯ ᠪᠣᠯ 2024 ᠣᠨ ᠳᠤ ᠵᠠᠰᠠᠭ ᠤᠨ ᠣᠷᠳᠣᠨ ᠠᠴᠠ ᠬᠡᠷᠡᠭᠵᠢᠭᠦᠯᠦᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠤᠨ᠎ᠠ᠃    ᠬᠤᠷᠠᠯ ᠠᠴᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2