ᠯᠢᠶᠠᠩᠴᠧᠩ ᠰᠢᠶᠠᠨ ᠤ ᠠᠷᠠᠳ ᠤᠨ ᠰᠢᠭᠦᠬᠦ ᠬᠤᠷᠢᠶ᠎ᠠ᠄ ᠬᠠᠤᠯᠢ ᠴᠠᠭᠠᠵᠠ ᠶᠢᠨ ᠬᠦᠴᠦᠨ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/1/4
  ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠤ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠰᠢᠭᠦᠨ ᠲᠠᠰᠤᠯᠬᠤ ᠪᠠ ᠭᠦᠢᠴᠡᠳᠬᠡᠬᠦ ᠪᠦᠬᠦ ᠶᠠᠪᠤᠴᠠ ᠳᠤ ᠣᠷᠣᠭᠤᠯᠵᠤ᠂ ᠬᠠᠤᠯᠢ ᠴᠠᠭᠠᠵᠠ ᠶᠢᠨ ᠠᠷᠭ᠎ᠠ ᠪᠠᠷᠢᠯ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠭᠦᠢᠴᠡᠳ ᠬᠡᠷᠡᠭᠯᠡᠨ᠂ ᠦᠨᠳᠦᠰᠦᠲᠡᠨ ᠤ ᠪᠦᠯᠬᠦᠮᠳᠡᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠬᠠᠤᠯᠢ ᠴᠠᠭᠠᠵᠠ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠪᠡ᠃  
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠯᠢᠶᠠᠩᠴᠧᠩ ᠰᠢᠶᠠᠨ ᠤ ᠠᠷᠠᠳ ᠤᠨ ᠰᠢᠭᠦᠬᠦ ᠬᠤᠷᠢᠶ᠎ᠠ ᠡᠯ᠎ᠡ ᠦᠨᠳᠦᠰᠦᠲᠡᠨ ᠤ ᠣᠯᠠᠨ ᠲᠦᠮᠡᠨ ᠤ ᠬᠠᠤᠯᠢ ᠴᠠᠭᠠᠵᠠ ᠶᠢᠨ ᠣᠯᠠᠨ ᠡᠰᠢᠴᠢᠯᠡᠭᠰᠡᠨ ᠬᠡᠷᠡᠭᠴᠡᠭᠡ ᠶᠢ ᠳᠡᠭᠡᠳᠦ ᠬᠡᠮᠵᠢᠶ᠎ᠡ ᠪᠠᠷ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠬᠤᠩᠭᠢᠯ ᠤᠨ ᠰᠣᠶᠣᠯ ᠪᠠ ᠠᠵᠢᠯᠯᠠᠭᠠᠨ ᠤ ᠦᠷᠦᠭᠡ ᠶᠢ ᠪᠠᠶᠢᠭᠤᠯᠵᠤ᠂ ᠲᠦᠷᠦ ᠶᠢᠨ ᠪᠤᠳᠤᠯᠭ᠎ᠠ ᠳᠤ ᠴᠠᠭᠠᠷᠠᠭᠰᠠᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠪᠣᠳᠠᠲᠠᠢ ᠺᠠᠳ᠋ᠷ ᠴᠠᠭᠳᠠᠭ᠎ᠠ ᠶᠢᠨ ᠡᠩᠨᠡᠭᠡ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ︽ᠲᠦᠷᠦᠭᠦᠴᠢ︾ ᠪᠣᠯᠭᠠᠵᠤ᠂ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠲᠤᠬᠠᠢ ᠶᠢᠨ ᠬᠥᠮᠦᠨ ᠤ ᠵᠠᠭᠠᠯᠳᠤᠬᠤ ᠶᠠᠳᠠᠷᠠᠯ ᠢ ᠦᠨᠡᠨᠬᠦ ᠪᠠᠭᠠᠰᠬᠠᠪᠠ᠃ ᠲᠡᠷᠡᠴᠢᠯᠡᠨ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠵᠤ᠂ ᠯᠢᠶᠠᠩᠴᠧᠩ ᠰᠢᠶᠠᠨ ᠤ ᠠᠷᠠᠳ ᠤᠨ ᠰᠢᠭᠦᠬᠦ  ᠬᠤᠷᠢᠶ᠎ᠠ ᠨᠢᠭᠡ ᠲᠠᠯ᠎ᠠ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠶᠢ ᠪᠠᠶᠢᠭᠤᠯᠵᠤ᠂ ︽ᠨᠢᠭᠡ ᠦᠷᠳᠡᠭᠡ ᠶᠢᠨ ᠬᠡᠯᠪᠡᠷᠢ︾ ᠶᠢᠨ ᠤᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠪᠠ ᠵᠠᠷᠭᠤ ᠶᠢᠨ ᠦᠢᠯᠡᠴᠢᠯᠡᠭᠡᠨ ᠤ  ᠰᠢᠰᠲ᠋ᠧᠮ ᠢ ᠪᠠᠶᠢᠭᠤᠯᠵᠤ᠂ ᠭᠠᠵᠠᠷ ᠣᠷᠣᠨ ᠤ ᠣᠨᠴᠠᠯᠢᠭ ᠲᠠᠢ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡᠨ ᠤ ᠴᠣᠩᠬᠤ ᠶᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠦᠴᠢᠷᠳᠡᠯᠲᠡᠢ ᠲᠤᠬᠠᠢ ᠶᠢᠨ ᠬᠥᠮᠦᠨ ᠤ ᠵᠠᠷᠭᠤ ᠶᠢᠨ ᠰᠦᠢᠳᠬᠡᠯ ᠢ ᠬᠤᠶᠢᠰᠢᠯᠠᠭᠤᠯᠬᠤ ᠪᠠ ᠬᠡᠯᠲᠦᠷᠢᠭᠦᠯᠬᠦ ᠵᠡᠷᠭᠡ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠵᠠᠷᠭᠤ ᠶᠢᠨ ᠲᠦᠭᠦᠮ ᠴᠢᠨᠠᠷ᠂ ᠪᠡᠶ᠎ᠡ ᠪᠠᠨ ᠳᠠᠭᠠᠭᠠᠬᠤ ᠴᠢᠨᠠᠷ ᠢ ᠳᠡᠭᠡᠭᠰᠢᠯᠡᠭᠦᠯᠵᠡᠢ᠃ ᠨᠦᠬᠦᠭᠡ ᠲᠠᠯ᠎ᠠ ᠪᠠᠷ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠭᠰᠡᠨ ᠣᠷᠣᠨ ᠳᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠷᠠᠳ ᠤᠨ ᠰᠢᠭᠦᠬᠦ ᠲᠢᠩᠬᠢᠮ︾ ᠢ ᠪᠠᠶᠢᠭᠤᠯᠵᠤ᠂ ︽ᠠᠨᠠᠷ ᠤᠨ ᠦᠷ᠎ᠡ ᠶᠢᠨ ᠬᠠᠤᠯᠢ ᠶᠢᠨ ᠲᠤᠰᠢᠶᠠᠯᠲᠠᠨ ᠤ ᠠᠵᠢᠯᠯᠠᠬᠤ ᠲᠠᠰᠤᠭ︾ ᠪᠠ ︽ᠡᠶᠡᠳᠡᠭᠦᠯᠭᠡ ᠶᠢᠨ ᠲᠠᠰᠤᠭ ᠢ ᠬᠠᠮᠲᠤ ᠪᠠᠷ ᠠᠭᠤᠰᠤᠯᠴᠠᠭᠤᠯᠤᠨ ᠬᠠᠮᠲᠤ ᠪᠠᠷ ᠪᠠᠶᠢᠭᠤᠯᠬᠤ︾ ᠶᠢ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠ ᠠᠷᠠᠳ ᠤᠨ ᠰᠢᠭᠦᠬᠦ ᠲᠢᠩᠬᠢᠮ ᠤᠨ ᠬᠠᠤᠯᠢ ᠶᠢᠨ ᠲᠤᠰᠢᠶᠠᠯᠲᠠᠨ ᠢ ᠰᠣᠩᠭᠤᠨ ᠵᠣᠬᠢᠶᠠᠨ ᠪᠠᠶᠢᠭᠤᠯᠵᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ  ᠰᠢᠢᠳᠪᠤᠷᠢᠯᠡᠬᠦ ᠪᠦᠯᠬᠦᠮ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠢᠷᠭᠡᠨ ᠤ ᠬᠡᠷᠡᠭ ᠤᠨ ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠭᠦᠨ  ᠰᠢᠢᠳᠪᠤᠷᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠴᠠᠭᠠᠵᠠ ᠶᠢᠨ ᠬᠦᠷᠲᠡᠮᠵᠢ ᠶᠢᠨ ᠲᠦᠷᠦᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠭᠤᠷᠪᠠᠨ ᠵᠢᠯ ᠤᠨ ᠲᠤᠷᠰᠢ᠂ ᠡᠯ᠎ᠡ ᠲᠦᠷᠦᠯ ᠤᠨ ᠬᠡᠷᠡᠭ ᠢ ᠨᠡᠶᠢᠳᠡ 6300 ᠭᠠᠷᠤᠶ ᠰᠢᠭᠦᠨ ᠳᠠᠭᠤᠰᠬᠠᠵᠤ᠂ ᠵᠥᠷᠢᠴᠡᠯ ᠵᠢᠭᠤᠷᠠᠯᠳᠤᠭᠠᠨ ᠢ ᠲᠦᠮᠡ ᠰᠢᠬᠠᠮ ᠡᠶᠡᠳᠡᠭᠦᠯᠦᠨ  ᠰᠢᠢᠳᠪᠤᠷᠢᠯᠡᠪᠡ᠃
       ᠯᠢᠶᠠᠩᠴᠧᠩ ᠰᠢᠶᠠᠨ ᠤ ᠠᠷᠠᠳ ᠤᠨ ᠰᠢᠭᠦᠬᠦ ᠬᠤᠷᠢᠶ᠎ᠠ    ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ  ᠰᠢᠶᠧ ᠰᠢᠤᠢ ᠬᠤᠩ
     ᠯᠢᠶᠠᠩᠴᠧᠩ ᠰᠢᠶᠠᠨ ᠤ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠭᠦᠬᠦ ᠬᠤᠷᠢᠶᠠᠨ ᠤ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ︾ ᠶᠢ ᠰᠢᠭᠦᠨ ᠲᠠᠰᠤᠯᠬᠤ ᠪᠠ ᠭᠦᠢᠴᠡᠳᠬᠡᠬᠦ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂  ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠠᠨ ᠡᠰᠢᠴᠢᠯᠡᠭᠰᠡᠨ ᠬᠠᠤᠯᠢ ᠴᠠᠭᠠᠵᠠ ᠶᠢᠨ ᠬᠡᠷᠡᠭᠴᠡᠭᠡ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ︽ᠨᠢᠭᠡ ᠦᠷᠳᠡᠭᠡᠯᠢᠭ ᠮᠠᠶ᠋ᠢᠭ︾ ᠤᠨ ᠤᠯᠠᠨ ᠡᠰᠢᠲᠦ ᠵᠢᠭᠤᠷᠠᠯᠳᠤᠭᠠᠨ ᠢ ᠰᠢᠢᠳᠪᠤᠷᠢᠯᠡᠬᠦ  ᠪᠠ ᠵᠠᠷᠭᠤ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ︽24 ᠴᠠᠭ ᠤᠨ ᠥᠪᠡᠰᠦᠪᠡᠨ ᠦᠢᠯᠡᠴᠢᠯᠡᠬᠦ ᠰᠢᠭᠦᠬᠦ ᠬᠤᠷᠢᠶ᠎ᠠ︾ ᠶᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠡᠷᠡᠭ ᠪᠣᠯᠭᠠᠨ ᠳᠠᠩᠰᠠᠯᠠᠬᠤ᠂ ᠰᠢᠭᠦᠬᠦ᠂ ᠭᠦᠢᠴᠡᠳᠬᠡᠬᠦ ᠪᠦᠬᠦ ᠶᠠᠪᠤᠴᠠ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠯᠢᠶᠠᠩᠴᠧᠩ ᠰᠢᠶᠠᠨ ᠤ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠠᠪᠰᠢᠯᠳᠠ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ   ᠭᠡᠪᠡ᠃                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2