ᠯᠢᠶᠠᠩᠴᠧᠩ ᠰᠢᠶᠠᠨ᠄ ︽ᠲᠦᠮᠡᠨ ᠰᠣᠷᠣᠭᠴᠢ ᠶᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠭᠤᠯᠬᠤ︾ ᠰᠤᠳᠤᠯᠤᠨ ᠰᠤᠷᠤᠯᠴᠠᠬᠤ ᠤᠶᠢᠯᠡᠳᠤᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ
ᠨᠡᠶᠢᠲᠡᠯᠡᠭᠰᠡᠨ ᠴᠠᠭ᠄
2024/1/4
  ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠰᠢᠶᠠᠨ ᠤ ᠥᠷᠭᠡᠨ ᠣᠯᠠᠨ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠳᠤᠷ᠎ᠠ ᠰᠣᠨᠢᠷᠬᠠᠯ ᠢ ᠲᠠᠰᠤᠷᠠᠯᠲᠠ ᠦᠭᠡᠶ ᠬᠥᠭᠵᠢᠭᠡᠵᠦ ᠴᠢᠷᠮᠠᠶᠢᠨ ᠲᠡᠮᠡᠴᠡᠬᠦ᠂ ᠪᠦᠯᠬᠦᠮᠳᠡᠨ ᠬᠠᠮᠵᠢᠯᠴᠠᠬᠤ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠬᠥᠮᠦᠵᠢᠭᠦᠯᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠯᠢᠶᠠᠩᠴᠧᠩ ᠰᠢᠶᠠᠨ ᠤ ᠬᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠨ᠂ ︽ᠭᠤᠷᠪᠠᠨ ᠳ᠋ᠦᠩᠰᠢᠭᠤᠷ ᠬᠥᠮᠦᠨ ᠢ ᠲᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠦᠬᠦ ᠰᠢᠶᠠᠨ ᠤ ᠪᠠᠭ᠎ᠠ ᠰᠤᠷᠭᠠᠭᠤᠯᠢ ᠶᠢ ᠦᠷᠭᠦᠯᠵᠢᠯᠡᠨ ᠵᠣᠬᠢᠶᠠᠨ ᠪᠠᠶᠢᠭᠤᠯᠵᠤ ︽ᠲᠦᠮᠡᠨ ᠰᠤᠷᠤᠭᠴᠢ ᠶᠢ ᠮᠥᠰᠥ ᠴᠠᠰᠤᠨ  ᠤ ᠲᠠᠮᠢᠷ ᠤᠨ ᠬᠥᠳᠡᠯᠭᠡᠭᠡᠨ‌‍ᠳᠤ ᠣᠷᠣᠭᠤᠯᠬᠤ︾ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃
      ᠲᠣᠰ ᠤᠳᠠᠭᠠᠨ ᠤ ︽ᠲᠦᠮᠡᠨ ᠰᠣᠷᠣᠭᠴᠢ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠬᠤ︾ ᠠᠵᠢᠯᠯᠠᠭ᠎ᠠ 2023 ᠣᠨ ᠤ 12 ᠰᠠᠷ᠎ᠠ ᠶᠢᠨ 21 ᠤ ᠡᠳᠦᠷ ᠠᠴᠠ ᠡᠬᠢᠯᠡᠵᠦ᠂ ᠪᠦᠯᠦᠭ ᠤᠳᠠᠭ᠎ᠠ᠂ ᠰᠤᠷᠭᠠᠭᠤᠯᠢ᠂ ᠣᠨ ᠬᠤᠪᠢᠶᠠᠵᠤ ᠡᠮᠬᠢ ᠵᠢᠷᠤᠮ ᠲᠠᠢ ᠶᠠᠪᠤᠭᠳᠠᠵᠤ᠂ ᠵᠢᠱᠢᠯᠲᠡ ᠪᠠᠷ 2024 ᠣᠨ ᠤ 1 ᠰᠠᠷ᠎ᠠ ᠶᠢᠨ 8 ᠤ ᠡᠳᠦᠷ ᠪᠣᠯᠲᠠᠯ᠎ᠠ ᠳᠥᠷᠪᠡᠨ ᠰᠢᠶᠠᠨ ᠤ ᠰᠢᠭᠤᠳ ᠬᠠᠷᠢᠶ᠎ᠠ ᠪᠠᠭ᠎ᠠ ᠰᠤᠷᠭᠠᠭᠤᠯᠢ ᠪᠦᠬᠦᠨ ᠢᠶᠠᠷ ᠢᠶᠠᠨ ᠳᠠᠭᠤᠰᠴᠤ᠂ ᠣᠷᠣᠯᠴᠠᠭᠰᠠᠨ ᠬᠥᠮᠦᠨ ᠤ ᠲᠤᠭ᠎ᠠ 3000 ᠭᠠᠷᠤᠶ ᠪᠣᠯᠤᠨ᠎ᠠ᠃ ᠠᠵᠢᠯᠯᠠᠭ᠎ᠠ ᠨᠢ ᠴᠠᠰᠤᠨ ᠳᠤ ᠭᠤᠯᠭᠤᠬᠤ ᠮᠡᠷᠭᠡᠵᠢᠯ ᠵᠢᠭᠠᠵᠤ᠂ ᠪᠣᠳᠠᠲᠠᠶ ᠭᠠᠵᠠᠷ ᠤᠨ ᠥᠩᠭᠡᠷᠡᠭᠡᠯᠲᠡ ᠪᠠᠷ ᠭᠤᠣᠯ ᠠᠭᠤᠯᠭ᠎ᠠ ᠪᠣᠯᠭᠠᠵᠤ᠂ ᠳᠠᠰᠬᠠᠯᠵᠢᠭᠤᠯᠤᠭᠴᠢ ᠠᠴᠠ ᠰᠤᠷᠤᠭᠴᠢᠳ ᠲᠤ ᠬᠢᠴᠢᠶᠡᠯ ᠵᠢᠭᠠᠵᠤ᠂ ᠰᠤᠷᠤᠭᠴᠢᠳ ᠢ ᠳᠠᠭᠠᠭᠤᠯᠤᠨ ᠪᠡᠯᠡᠳᠬᠡᠯ ᠬᠥᠳᠡᠯᠭᠡᠭᠡᠨ ᠬᠢᠵᠦ᠂ ᠰᠤᠷᠤᠭᠴᠢᠳ ᠲᠤ ᠴᠠᠰᠤᠨ ᠤ ᠪᠠᠭᠠᠵᠢ ᠶᠢᠨ ᠪᠦᠲᠦᠴᠡ ᠵᠢᠴᠢ ᠬᠡᠷᠡᠭᠯᠡᠬᠦ ᠠᠷᠭ᠎ᠠ᠂ ᠦᠨᠳᠦᠰᠦᠨ ᠵᠣᠭᠰᠣᠴᠠ᠂ ᠴᠠᠰᠤᠨ ᠳᠤ ᠭᠤᠯᠭᠤᠬᠤ ᠤᠷ᠎ᠠ ᠮᠡᠷᠭᠡᠵᠢᠯ ᠵᠡᠷᠭᠡ ᠶᠢ ᠰᠢᠰᠲ᠋ᠧᠮ ᠲᠠᠢ ᠲᠠᠶᠢᠯᠪᠤᠷᠢᠯᠠᠨ ᠥᠭᠴᠦ᠂ ᠰᠤᠷᠤᠭᠴᠢᠳ ᠲᠤ ᠳᠠᠰᠬᠠᠯᠵᠢᠭᠤᠯᠤᠭᠴᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠴᠤ᠂ ᠨᠠᠷᠢᠨ ᠬᠢᠨᠠᠮᠠᠭᠠᠶ ᠳᠠᠭᠤᠷᠢᠶᠠᠨ᠂ ᠰᠡᠳᠬᠢᠯ ᠲᠠᠯᠪᠢᠨ ᠪᠣᠯᠪᠠᠰᠤᠷᠠᠵᠤ᠂ ᠴᠠᠰᠤᠨ ᠳᠤ ᠭᠤᠯᠭᠤᠬᠤ ᠳᠠᠰᠬᠠᠯᠵᠢᠭᠤᠯᠤᠭᠴᠢ ᠶᠢᠨ ᠲᠤᠰᠬᠠᠶ ᠮᠡᠷᠭᠡᠵᠢᠯ ᠤᠨ ᠵᠢᠯᠤᠭᠤᠳᠤᠯᠭ᠎ᠠ ᠳᠣᠣᠷ᠎ᠠ᠂ ᠴᠠᠰᠤ ᠮᠥᠰᠥᠨ ᠳᠤ ᠭᠤᠯᠭᠤᠬᠤ ᠬᠥᠳᠡᠯᠭᠡᠭᠡᠨ ᠤ ᠬᠠᠪᠤ ᠴᠡᠩᠭᠡᠯ ᠢ ᠬᠠᠨᠲᠠᠯ᠎ᠠ ᠡᠳ᠋ᠯᠡᠭᠦᠯᠦᠨ᠎ᠡ᠃
   ᠥᠨᠥᠳᠦᠷ ᠰᠤᠷᠭᠠᠭᠤᠯᠢ ᠠᠴᠠ ᠪᠢᠳᠡᠨ ᠢ ᠴᠠᠨ᠎ᠠ ᠶᠢᠨ ᠲᠠᠯᠠᠪᠠᠶ ᠳᠤ ᠳᠠᠭᠠᠭᠤᠯᠵᠤ ᠢᠷᠡᠭᠡᠳ ᠴᠠᠨ᠎ᠠ ᠪᠠᠷ ᠭᠤᠯᠭᠤᠪᠠᠯ ᠪᠡᠶ᠎ᠡ ᠪᠠᠨ ᠪᠣᠯᠪᠠᠰᠤᠷᠠᠭᠤᠯᠬᠤ ᠪᠠᠷ ᠪᠠᠷᠠᠬᠤ ᠦᠭᠡᠶ᠂ ᠪᠠᠰᠠ ᠡᠬᠡ ᠪᠠᠢᠭᠠᠯᠢ ᠲᠠᠢ ᠣᠢᠷᠠᠲᠤᠵᠤ᠂ ᠰᠤᠷᠤᠯᠭ᠎ᠠ ᠶᠢᠨ ᠳᠠᠷᠤᠭᠠᠰᠤ ᠪᠠᠨ ᠬᠥᠩᠭᠡᠯᠡᠨ᠎ᠡ᠃
   ᠳᠠᠷᠠᠭ᠎ᠠ ᠠᠯᠬᠤᠮ ᠳᠤ ᠯᠢᠶᠠᠩᠴᠧᠩ ᠰᠢᠶᠠᠨ ᠤ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠲᠦᠮᠡᠨ ᠰᠤᠷᠤᠭᠴᠢ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠲᠦᠷᠭᠡᠨ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠢᠴᠢᠶᠡᠯ ᠤᠨ ᠬᠡᠷ ᠠᠴᠠ ᠭᠠᠷᠭᠠᠵᠤ᠂ ︽ᠮᠥᠰᠥ ᠴᠠᠰᠤᠨ ᠳᠤ ᠬᠤᠴᠢᠭᠳᠠᠭᠰᠠᠨ ᠭᠠᠵᠠᠷ︾ ᠲᠤ ᠬᠥᠲᠥᠯᠥᠨ ᠣᠷᠣᠭᠤᠯᠵᠤ᠂ ᠮᠥᠰᠥ ᠴᠠᠰᠤᠨ ᠤ ᠷᠢᠳᠢ ᠰᠢᠳᠢ ᠶᠢ  ᠭᠦᠢᠴᠡᠳ ᠮᠡᠳᠡᠷᠡᠭᠦᠯᠦᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠬᠠᠪᠤ ᠴᠡᠩᠭᠡᠯ ᠢ ᠡᠳ᠋ᠯᠡᠭᠦᠯᠵᠦ᠂ ᠰᠤᠷᠤᠭᠴᠢᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠠᠬᠢ ᠬᠠᠯᠠᠭᠤᠨ ᠰᠡᠳᠬᠢᠯᠭᠡ ᠶᠢ ᠪᠦᠲᠦᠮᠵᠢᠲᠡᠶ ᠪᠠᠷ ᠬᠥᠭᠵᠢᠭᠡᠨ᠂ ᠲᠡᠳᠡᠨ ᠤ ᠰᠢᠨᠲᠠᠷᠠᠰᠢ ᠥᠬᠡᠶ ᠵᠣᠷᠢᠭ ᠰᠠᠨᠠᠭ᠎ᠠ ᠶᠢ ᠬᠥᠮᠦᠵᠢᠭᠦᠯᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠪᠠᠭ᠋ᠠᠲᠠᠶ᠂ ᠭᠠᠷᠮᠠᠭᠠᠶ ᠪᠦᠲᠦᠭᠡᠯ ᠢ ᠬᠥᠭᠡᠭᠡᠴᠡᠯᠳᠦᠬᠦ ᠣᠶᠤᠨ ᠰᠠᠨᠠᠭᠠᠨ ᠤ ᠬᠡᠪ ᠴᠢᠨᠠᠷ ᠢ ᠪᠣᠶ ᠪᠣᠯᠭᠠᠨ᠎ᠠ᠃                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2